ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/5/23
    5 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠤᠳᠤᠷᠢᠳᠤᠯᠭ᠎ᠠ ᠣᠷᠣᠯᠴᠠᠪᠠ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ︽ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠴᠢᠩᠭ᠎ᠠ ᠪᠣᠳᠠᠲᠠᠢ ᠰᠤᠷᠲᠠᠯ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ︾ ᠭᠤᠣᠯ ᠰᠡᠳᠦᠪ ᠤᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠬᠤᠷᠠᠯ ᠠᠴᠠ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ ᠪᠣᠯᠤᠨ ︽ᠨᠠᠢᠮᠠᠨ ᠲᠣᠭᠲᠠᠭᠠᠯ ᠤᠨ ᠳᠤᠮᠳᠠᠳᠤ ᠤᠯᠤᠰ ᠢ ᠬᠤᠪᠢᠷᠠᠭᠤᠯᠬᠤ︾ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠠᠳ ᠣᠯᠤᠭᠰᠠᠨ ᠢᠯᠡᠳᠲᠡ ᠦᠷ᠎ᠡ ᠪᠦᠲᠦᠮᠵᠢ ᠪᠣᠯᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠭᠦᠢᠴᠡᠳ ᠲᠠᠨᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠨᠤᠯ ᠤᠨ ᠰᠤᠷᠤᠯᠴᠠᠯᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠶᠠᠭᠤᠨ ᠳᠤ ᠲᠣᠭᠲᠠᠭᠠᠬᠤ᠂ ᠬᠡᠷᠬᠢᠨ ᠦᠵᠡᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠬᠤ ᠶᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠴᠢᠩᠭ᠎ᠠ ᠪᠣᠳᠠᠲᠠᠢ ᠪᠠᠶᠢᠴᠠᠭᠠᠨ ᠳᠡᠯᠭᠡᠵᠦ᠂ ︽7 3︾ ᠠᠷᠭ᠎ᠠ ᠬᠡᠯᠪᠡᠷᠢ ᠶᠢ ᠦᠷᠭᠦᠯᠵᠢᠯᠡᠨ ᠬᠡᠷᠡᠭᠯᠡᠵᠦ᠂ ᠲᠠᠬᠢᠨ ᠡᠮᠬᠢᠯᠡᠵᠦ᠂ ᠲᠠᠬᠢᠨ ᠪᠠᠶᠢᠴᠠᠭᠠᠨ ᠳᠡᠯᠭᠡᠵᠦ᠂ ᠲᠦᠷᠦᠭᠦᠯᠡᠨ ᠰᠤᠷᠤᠯᠴᠠᠵᠤ ᠰᠤᠳᠤᠯᠤᠨ ᠶᠠᠷᠢᠯᠴᠠᠵᠤ᠂ ᠲᠦᠷᠦᠭᠦᠯᠡᠨ ᠠᠰᠠᠭᠤᠳᠠᠯ ᠢ ᠪᠠᠶᠢᠴᠠᠭᠠᠨ ᠳᠡᠯᠭᠡᠵᠦ᠂ ᠲᠦᠷᠦᠭᠦᠯᠡᠨ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠠᠬᠢᠭᠤᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠲᠤᠬᠢᠷᠠᠭᠤᠯᠤᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠰᠤᠷᠲᠠᠯ ᠢᠯᠵᠠᠷᠠᠯ ᠤᠨ ᠬᠠᠮᠲᠤ ᠪᠠᠶᠢᠴᠠᠭᠠᠨ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠺᠠᠳ᠋ᠷ ᠤᠯᠠᠨ ᠲᠦᠮᠡᠨ ᠳᠤ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠢ᠃ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠥᠬᠡᠶ︾ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢ ᠨᠢ ᠳᠡᠭᠡᠭᠰᠢᠯᠡᠭᠦᠯᠦᠨ᠂ ᠠᠵᠤ ᠠᠬᠤᠶ ᠶᠢᠨ ᠠᠵᠢᠯᠯᠠᠭᠠᠨ᠂ ᠠᠮᠤᠷ ᠲᠦᠪᠰᠢᠨ ᠲᠣᠭᠲᠠᠭᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2