ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/26
  5 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠰᠦᠯᠢᠶᠣᠣ ᠪᠦᠷᠬᠦᠭᠦᠯ ᠢ ᠢᠯᠭᠠᠷᠠᠭᠤᠯᠬᠤ ᠵᠢᠴᠢ ᠡᠭᠡᠭᠦᠯᠦᠨ ᠬᠤᠷᠢᠶᠠᠵᠤ ᠠᠰᠢᠭᠯᠠᠬᠤ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ︽ᠱᠠᠩᠳᠤ ᠰᠢᠶᠠᠨ ᠬᠢᠭᠡᠳ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠬᠡᠷᠡᠭᠵᠢᠭᠦᠯᠬᠦ ᠲᠥᠰᠦᠯ ︵ᠬᠢᠨᠠᠨ ᠶᠠᠷᠢᠯᠴᠠᠬᠤ ᠨᠣᠤᠷᠠᠭ︶︾ ᠵᠡᠷᠭᠡ ᠶᠢ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠤ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠦᠷᠢᠮ ᠤᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ︔ ᠲᠦᠷᠢᠮ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠰᠢᠶᠠᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠦᠢᠯᠡᠳᠪᠦᠷᠢᠯᠡᠬᠦ ᠂ ᠪᠣᠷᠣᠯᠠᠭᠤᠯᠬᠤ᠂ ᠡᠭᠡᠭᠦᠯᠦᠨ ᠬᠤᠷᠢᠶᠠᠬᠤ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠵᠢᠷᠤᠮᠵᠢᠭᠤᠯᠤᠯᠲᠠ ᠪᠣᠯᠤᠨ ᠪᠣᠬᠢᠷᠲᠤᠯ ᠦᠭᠡᠢ ᠠᠬᠢᠴᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠪᠣᠯ ᠨᠢᠭᠡ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠯᠪᠣᠭᠠᠯᠠᠨ ᠬᠠᠮᠵᠢᠯᠴᠠᠵᠤ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠪᠣᠳᠠᠲᠤ ᠪᠠᠶᠢᠳᠠᠯ ᠢ ᠲᠣᠳᠣᠷᠬᠠᠶ ᠣᠶᠢᠯᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠴᠢᠩᠭ᠎ᠠ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠢ ᠰᠡᠳᠬᠢᠯ ᠳᠡᠯᠪᠢᠨ ᠬᠦᠴᠦ ᠳᠡᠯᠪᠢᠨ ᠰᠠᠶᠢᠲᠤᠷ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2