2025 ᠣᠨ ᠤ 5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ | ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ | ᠣᠷᠣᠵᠤ ᠰᠠᠭᠤᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠶᠢᠨ ᠵᠢᠱᠢᠭᠳᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠮᠠ ᠸᠧᠨ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢᠶᠣᠤ ᠵᠢᠶᠠ ᠳ᠋ᠦᠩ ᠬᠤᠷᠠᠯ ᠡᠷᠭᠢᠯᠡᠪᠡ᠃ | ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ | ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠲᠤᠰᠬᠠᠢ ᠰᠡᠳᠦᠪᠲᠦ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ | ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ | ᠬᠤᠷᠢᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ | ᠠᠵᠢᠯ ᠤᠨ ᠲᠦᠷᠢᠮ︾᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ | ᠰᠦᠢᠳᠭᠡᠬᠦ ᠶᠢ ᠡᠰᠡᠷᠭᠦᠴᠡᠬᠦ ᠲᠦᠷᠢᠮ︾ ᠪᠣᠯᠤᠨ ︽ᠠᠰᠠᠭᠤᠳᠠᠯ ᠢ ᠢᠯᠡᠷᠡᠭᠦᠯᠵᠦ᠂ ᠰᠦᠷᠳᠡᠭᠦᠯᠬᠦ ᠶᠢ ᠪᠤᠢ ᠪᠣᠯᠭᠠᠵᠤ | ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ︾ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠨᠠᠮ ᠤᠨ ᠬᠤᠷᠢᠶ᠎ᠠ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠢ ᠶᠢᠨ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠪᠠᠶᠢᠳᠠᠯ ᠢ | ᠭᠤᠣᠯᠳᠠᠯᠭ᠎ᠠ ᠲᠠᠢ ᠣᠶᠢᠯᠠᠭᠠᠪᠠ᠃ ᠣᠷᠣᠰᠢᠵᠤ ᠪᠠᠶᠢᠭ᠎ᠠ ᠤᠯᠤᠰ ᠲᠥᠷᠥ ᠶᠢᠨ ᠵᠥᠷᠢᠶ᠎ᠡ᠂ ᠲᠣᠪᠤᠶᠢᠮ᠎ᠠ ᠠᠰᠠᠭᠤᠳᠠᠯ | ᠪᠣᠯᠣᠨ ᠪᠠᠭᠤᠷᠠᠢ ᠭᠤᠭᠴᠤᠭ᠎ᠠ ᠶᠢ ᠭᠦᠨᠵᠡᠭᠡᠢ ᠡᠷᠢᠵᠦ᠂ ᠲᠡᠳᠡᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠬᠦ ᠶᠢ ᠱᠠᠯᠠᠪᠳᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠬᠤᠷᠠᠯ ᠠᠴᠠ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ᠂ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠬᠠᠷᠠᠯᠲᠠ ᠡᠭᠦᠷᠭᠡ᠂ ᠠᠵᠢᠯ ᠤᠨ ᠠᠬᠢᠴᠠ ᠵᠡᠷᠭᠡ ᠶᠢ | ᠰᠠᠶᠢᠲᠤᠷ ᠲᠤᠬᠢᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠤᠰ ᠡᠭᠡᠯᠵᠢ ᠶᠢᠨ ᠴᠠᠭᠳᠠᠨ | ᠪᠠᠶᠢᠴᠠᠭᠠᠵᠤ ᠬᠢᠨᠠᠯᠲᠠ ᠲᠠᠯᠪᠢᠬᠤ ᠶᠢᠨ ᠭᠤᠣᠯᠳᠠᠯᠭ᠎ᠠ ᠪᠠ ᠠᠷᠭ᠎ᠠ ᠵᠠᠮ ᠢ ᠣᠨᠣᠪᠴᠢᠲᠠᠢ ᠣᠶᠢᠯᠠᠭᠠᠨ ᠡᠵᠡᠮᠰᠢᠵᠦ᠂ | ᠵᠠᠩᠭᠢᠯᠠᠭ᠎ᠠ ᠶᠢ ᠠᠳᠬᠤᠵᠤ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ︔ ᠠᠵᠢᠯ ᠤᠨ ᠲᠥᠰᠦᠯ ᠢᠶᠠᠨ | ᠨᠠᠷᠢᠯᠢᠬᠵᠢᠭᠤᠯᠵᠤ᠂ ᠳᠤᠭᠤᠶᠢᠯᠠᠩ ᠤᠨ ᠳᠣᠲᠣᠷ᠎ᠠ ᠪᠠᠨ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠴᠠᠭᠳᠠᠨ | ᠪᠠᠶᠢᠴᠠᠭᠠᠭᠳᠠᠬᠤ ᠨᠢᠭᠡᠴᠡ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠰᠠᠶᠢᠲᠤᠷ ᠬᠢᠵᠦ᠂ ᠴᠠᠭᠳᠠᠨ | ᠪᠠᠶᠢᠴᠠᠭᠠᠬᠤ ᠠᠴᠠ ᠡᠮᠦᠨᠡᠬᠢ ᠪᠡᠯᠡᠳᠬᠡᠯ ᠢ ᠭᠦᠢᠴᠡᠳ ᠬᠢᠵᠦ᠂ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ ᠲᠠᠢ | ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ | ᠣᠪᠣᠷ ᠢᠶᠠᠨ ᠢᠯᠡᠳᠬᠡᠬᠦ ᠦᠭᠡ ᠬᠡᠯᠡᠪᠡ᠃ | ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ 1 ᠴᠠᠭᠳᠠᠨ ᠪᠠᠶᠢᠴᠠᠭᠠᠬᠤ ᠳᠤᠭᠤᠶᠢᠯᠠᠩ ᠤᠨ | ᠳᠣᠤᠷ᠎ᠠ 3 ᠪᠡᠯᠡᠳᠬᠡᠯ ᠳᠤᠭᠤᠶᠢᠯᠠᠩ ᠲᠣᠮᠢᠯᠠᠵᠤ᠂ 30 ᠡᠳᠦᠷ ᠣᠷᠴᠢᠮ ᠤᠨ ᠴᠠᠭ ᠢ ᠠᠰᠢᠭᠯᠠᠨ ᠱᠠᠩᠳᠤ ᠰᠢᠶᠠᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠬᠤᠷᠢᠶ᠎ᠠ ᠳᠤ ᠪᠠᠶᠢᠩᠭᠤ ᠶᠢᠨ ᠴᠠᠭᠳᠠᠨ | ᠪᠠᠶᠢᠴᠠᠭᠠᠯᠲᠠ ᠥᠷᠨᠢᠭᠦᠯᠬᠦ ᠶᠢᠨ ᠬᠠᠮᠲᠤ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠳᠤ ᠤᠷᠲᠤᠳᠬᠠᠨ ᠴᠠᠭᠳᠠᠨ | ᠪᠠᠶᠢᠴᠠᠭᠠᠯᠲᠠ ᠥᠷᠨᠢᠭᠦᠯᠪᠡ᠃ | ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠤᠰᠤᠳ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ | ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ | ᠭᠡᠷ ᠤᠨ ᠪᠦᠬᠦ ᠪᠦᠷᠢᠯᠳᠦᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠬᠢᠨᠠᠯᠲᠠ ᠲᠠᠯᠪᠢᠬᠤ ᠲᠠᠰᠤᠭ ᠤᠨ | ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶᠠᠨ ᠤ ᠨᠠᠮ ᠤᠨ ᠬᠤᠷᠢᠶ᠎ᠠ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠶᠢᠨ ᠤᠳᠤᠷᠢᠳᠬᠤ ᠪᠠᠭ ᠤᠨ | ᠪᠦᠷᠢᠯᠳᠦᠬᠦᠨ ᠬᠤᠷᠠᠯ ᠳᠤ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |