5 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠴᠢ ᠲᠠᠢ ᠪᠠᠯᠭᠠᠰᠤᠨ ᠳᠤ ᠭᠦᠨᠵᠡᠭᠡᠶᠢᠷᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠡᠢ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠵᠡᠷᠭᠡ ᠴᠢᠬᠤᠯᠠ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠬᠦ ᠶᠢᠨ ᠬᠠᠮᠲᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠲᠤᠬᠠᠶ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ | | ᠴᠢᠦ ᠵᠢᠶᠦ᠋ᠨ ᠵᠢᠶᠧ ᠤᠷᠢᠳ ᠬᠤᠵᠢᠳ ᠴᠢ ᠲᠠᠢ ᠪᠠᠯᠭᠠᠰᠤᠨ ᠤ ᠵᠧᠨ ᠰᠢᠩ ᠯᠦ ᠨᠡᠶᠢᠭᠡᠮ ᠲᠣᠭᠤᠷᠢᠭ ᠪᠣᠯᠤᠨ | ᠰᠢ ᠹᠠᠩ ᠽᠢ ᠲᠣᠰᠬᠤᠨ ᠳᠤ ᠬᠦᠷᠴᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠰᠤᠷᠤᠯᠴᠠᠯᠭ᠎ᠠ | ᠬᠥᠮᠦᠵᠢᠯ ᠤᠨ ᠬᠡᠯᠪᠡᠷᠢ᠂ ᠠᠭᠤᠯᠭ᠎ᠠ ᠵᠢᠴᠢ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠣᠷᠣᠯᠴᠠᠬᠤ ᠬᠡᠮᠵᠢᠶ᠎ᠡ | ᠪᠣᠯᠤᠨ ᠬᠠᠷᠢᠭᠤ ᠲᠤᠰᠬᠠᠭᠰᠠᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠯ ᠤᠷᠳᠤ ᠬᠤᠭᠤᠴᠠᠭᠠᠨ ᠤ ᠪᠦᠲᠦᠮᠵᠢᠲᠡᠢ | ᠬᠠᠲᠠᠭᠤ ᠶᠣᠰᠣ ᠳᠦᠷᠢᠮ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠳᠤ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ᠂ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠰᠢᠩᠭᠡᠭᠡᠵᠦ᠂ ᠡᠳᠦᠷ ᠲᠤᠳᠤᠮ ᠤᠨ ᠠᠵᠢᠯ ᠤᠨ ᠭᠤᠭᠴᠤᠭ᠎ᠠ ᠨᠢᠭᠡᠪᠦᠷᠢ ᠳᠤ ᠠᠭᠤᠰᠤᠯᠴᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠡᠭᠦᠨ ᠤ ᠬᠠᠮᠲᠤ᠂ ᠴᠢᠦ ᠵᠢᠶᠦ᠋ᠨ ᠵᠢᠶᠧ ᠪᠠᠰᠠ ᠪᠣᠷᠣᠭᠠᠨ ᠤ ᠤᠯᠠᠷᠢᠯ ᠤᠨ ᠰᠠᠭᠤᠭᠠᠯᠢ ᠠᠷᠠᠳ ᠤᠨ | ᠪᠠᠶᠢᠰᠢᠩ ᠤᠨ ᠣᠷᠣᠨ ᠰᠠᠭᠤᠴᠠ ᠶᠢᠨ ᠪᠠᠶᠢᠳᠠᠯ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠵᠢᠴᠢ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠵᠠᠰᠠᠭ ᠤᠨ ᠣᠷᠳᠣᠨ ᠤ ᠠᠵᠢᠯ ᠤᠨ ᠵᠣᠷᠢᠯᠲᠠ ᠪᠠ ᠲᠤᠰᠤᠯᠲᠠ ᠪᠣᠯ ᠳᠠᠷᠤᠶ ᠠᠷᠠᠳ ᠣᠯᠠᠨ ᠳᠤ ᠪᠤᠶᠠᠨ | ᠵᠢᠷᠭᠠᠯ ᠡᠳ᠋ᠯᠡᠭᠦᠯᠬᠦ ᠶᠠᠪᠤᠳᠠᠯ ᠪᠣᠯᠤᠨ᠎ᠠ᠂ ᠠᠷᠠᠳ ᠤᠨ ᠠᠮᠢᠳᠤᠷᠠᠯ ᠤᠨ ᠠᠰᠠᠭᠤᠳᠠᠯ ᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠦᠢᠯᠡᠴᠢᠯᠡᠭᠡᠨ ᠤ | ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |