ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠵᠦ᠂ ᠯᠠᠪᠳᠠᠭᠤᠨ ᠪᠠᠲᠤᠲᠠᠶ ᠰᠤᠷᠤᠯᠴᠠᠯᠭ᠎ᠠ ᠶᠢᠨ ᠦᠷ᠎ᠡ | ᠪᠦᠲᠦᠮᠵᠢ ᠪᠠᠷ ᠵᠠᠯᠠᠭᠤ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠠᠮᠴᠢ ᠴᠢᠨᠠᠷ ᠢ | ᠳᠠᠪᠲᠠᠨ ᠪᠣᠯᠪᠠᠰᠤᠷᠠᠭᠤᠯᠵᠤ᠂ ᠵᠥᠪ ᠪᠤᠷᠤᠭᠤ ᠶᠢ ᠢᠯᠭᠠᠨ ᠲᠣᠳᠣᠯᠠᠵᠤ᠂ ᠲᠣᠭᠲᠠᠯ ᠬᠦᠴᠦᠨ ᠢ ᠴᠢᠩᠭᠠᠳᠬᠠᠬᠤ ᠶᠢᠨ | ᠲᠥᠯᠥᠭᠡ᠂ 5 ᠰᠠᠷ᠎ᠠ ᠶᠢᠨ 26 ᠤ ᠡᠳᠦᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠬᠠᠮᠢᠶᠠᠷᠤᠯᠲᠠ ᠶᠢᠨ | ᠰᠠᠯᠠᠭᠠᠨ ᠲᠠᠰ ᠤᠨ ᠵᠠᠯᠠᠭᠤ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ | ᠡᠬᠢᠯᠡᠵᠦ᠂ ᠪᠥᠬᠦ ᠰᠢᠶᠠᠨ ᠤ ᠵᠠᠭᠤ ᠭᠠᠷᠤᠶ ᠰᠢᠶᠠᠨ ᠤ ᠨᠠᠮ ᠤᠨ ᠬᠤᠷᠢᠶᠠᠨ ᠤ ᠬᠠᠮᠢᠶᠠᠷᠤᠯᠲᠠ ᠶᠢᠨ ᠰᠠᠯᠠᠭᠠᠨ ᠤ | ᠲᠠᠰ ᠤᠨ ᠵᠠᠯᠠᠭᠤ ᠺᠠᠳ᠋ᠷ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ | ᠬᠤᠷᠠᠯ ᠠᠴᠠ᠂ ᠵᠠᠯᠠᠭᠤ ᠺᠠᠳ᠋ᠷᠴᠤᠳ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠵᠠᠯᠭᠠᠮᠵᠢᠯᠠᠭᠴᠢ ᠪᠣᠯᠤᠭᠰᠠᠨ ᠤ ᠬᠤᠪᠢ ᠳᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠯᠭᠠᠭᠤᠷᠢ ᠬᠦᠴᠦᠨ ᠪᠣᠯᠤᠨ᠎ᠠ᠃ ᠰᠤᠷᠤᠯᠴᠠᠯᠭ᠎ᠠ ᠪᠠᠷ ᠲᠠᠮᠵᠢᠨ᠂ ᠢᠯᠵᠠᠷᠠᠯ ᠢ | ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ | ᠬᠤᠪᠢ ᠬᠥᠮᠦᠨ ᠤ ᠠᠵᠢᠯ ᠢᠶᠠᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ | ᠠᠭᠤᠰᠤᠯᠴᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠬᠤ ᠪᠣᠯᠤᠨ᠎ᠠ᠃ ᠡᠨᠡ ᠤᠳᠠᠭ᠎ᠠ ᠶᠢᠨ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ | ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ | ᠨᠡᠩ ᠴᠢᠩᠭ᠎ᠠ ᠰᠠᠬᠢᠯᠭ᠎ᠠ ᠪᠠᠲᠤ᠂ ᠨᠡᠩ ᠰᠢᠯᠢᠳᠡᠭ ᠰᠤᠷᠲᠠᠯ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠠᠵᠢᠯ ᠳᠠᠭᠠᠨ ᠣᠷᠣᠯᠴᠠᠵᠤ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠬᠦᠴᠦᠯᠡᠨ ᠴᠢᠷᠮᠠᠶᠢᠵᠤ᠂ ᠭᠠᠪᠢᠶ᠎ᠠ | ᠪᠠᠶᠢᠭᠤᠯᠤᠨ ᠦᠢᠯᠡᠰ ᠪᠦᠲᠦᠭᠡᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠠᠩᠭᠢ ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ | ᠯᠢᠦ ᠱᠤ᠋ ᠫᠢᠩ ᠲᠤᠰᠬᠠᠶ ᠰᠡᠳᠦᠪᠲᠦ ᠲᠠᠶᠢᠯᠤᠮᠵᠢ ᠬᠢᠪᠠ᠃ | ᠣᠶᠢᠯᠠᠭᠠᠭᠰᠠᠨ ᠢᠶᠠᠷ᠂ ᠨᠣᠮ ᠤᠩᠰᠢᠬᠤ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠠᠵᠢᠯᠯᠠᠭ᠎ᠠ ᠨᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ | ᠰᠡᠷᠡᠮᠵᠢᠯᠡᠭᠦᠯᠬᠦ ᠬᠥᠮᠦᠵᠢᠯ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |