ᠶᠠᠩ ᠸᠧᠨ ᠾᠦᠢ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/27
   5 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠶᠠᠩ ᠸᠧᠨ ᠾᠦᠢ ᠠᠯᠲᠠᠢ ᠶᠢᠨ ᠳᠣᠯᠣᠳᠤᠭᠠᠷ ᠲᠠᠪᠴᠠᠩ᠂ ᠠᠷᠠᠳ ᠤᠨ ᠵᠠᠩ ᠦᠢᠯᠡ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠶᠠᠪᠤᠬᠤ ᠶᠢᠨ ᠳᠠᠭᠠᠤ ᠦᠵᠡᠬᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠠᠷᠭ᠎ᠠ ᠬᠡᠯᠪᠡᠷᠢ ᠪᠠᠷ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠵᠤᠭᠠᠴᠠᠯ ᠤᠨ ᠠᠵᠢᠯᠯᠠᠭ᠎ᠠ ᠶᠢᠨ ᠪᠡᠯᠡᠳᠬᠡᠯ᠂ ᠦᠢᠯᠡᠴᠢᠯᠡᠭᠡᠨ ᠤ ᠪᠠᠲᠤᠯᠠᠭ᠎ᠠ ᠵᠢᠴᠢ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠵᠦᠢᠯᠡᠰ ᠢ ᠲᠤᠰᠢᠶᠠᠨ ᠰᠢᠢᠳᠪᠦᠷᠢᠯᠡᠭᠦᠯᠪᠡ᠃    ᠶᠠᠩ ᠸᠧᠨ ᠾᠦᠢ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ ᠠᠭᠤᠳᠠᠯᠵᠤ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠲᠠᠰᠤᠷᠠᠯᠲᠠ ᠦᠭᠡᠢ ᠨᠡᠶᠢᠳᠬᠡᠵᠦ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠭᠧᠨ ᠢ ᠬᠥᠭᠵᠢᠭᠡᠵᠦ᠂ ᠬᠤᠪᠢᠰᠬᠠᠯ ᠤᠨ ᠰᠣᠶᠣᠯ ᠪᠣᠯᠤᠨ ᠬᠥᠳᠡᠭᠡ ᠲᠣᠰᠬᠤᠨ ᠤ ᠵᠤᠭᠠᠴᠠᠯ ᠢ ᠣᠷᠭᠠᠨᠢᠭ ᠢᠶᠠᠷ ᠠᠭᠤᠰᠤᠯᠴᠠᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠵᠤᠭᠠᠴᠠᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠬᠡᠯᠡᠪᠡ᠃ ᠰᠠᠭᠤᠷᠢ ᠲᠥᠬᠦᠭᠡᠷᠦᠮᠵᠢ ᠶᠢ ᠲᠠᠬᠢᠨ ᠲᠡᠭᠦᠯᠳᠡᠷᠵᠢᠭᠦᠯᠬᠦ᠂ ᠠᠵᠤ ᠦᠢᠯᠡᠰ ᠤᠨ ᠬᠥᠭᠵᠢᠯᠲᠡ ᠶᠢ ᠲᠠᠬᠢᠨ ᠲᠡᠰ ᠳᠡᠪᠰᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠲᠠᠬᠢᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠢᠨᠠᠭᠰᠢᠳᠠ ᠪᠠᠶᠠᠯᠢᠭᠵᠢᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰᠬᠤᠨ ᠤ ᠳᠣᠲᠣᠷᠠᠬᠢ ᠠᠷᠠᠳ ᠤᠨ ᠣᠷᠣᠨ ᠰᠠᠭᠤᠴᠠ᠂ ᠰᠤᠳᠤᠯᠤᠨ ᠰᠤᠷᠤᠯᠴᠠᠬᠤ ᠰᠠᠭᠤᠷᠢᠨ ᠵᠢᠴᠢ ᠠᠷᠠᠳ ᠤᠨ ᠵᠠᠩ ᠦᠢᠯᠡ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠢᠵᠢ ᠪᠦᠷᠢᠳᠦᠭᠦᠯᠬᠦ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠵᠠᠷ ᠰᠢᠨᠵᠢᠯᠡᠭᠡᠨ ᠤ ᠰᠤᠳᠤᠯᠤᠨ ᠰᠤᠷᠤᠯᠴᠠᠬᠤ᠂ ᠲᠠᠷᠢᠶᠠᠯᠠᠬᠤ ᠰᠣᠶᠣᠯ᠂ ᠦᠷᠳᠡᠭᠡ ᠶᠢᠨ ᠰᠣᠶᠣᠯ ᠤᠨ ᠤᠨᠴᠠᠯᠢᠬᠳᠤ ᠵᠤᠭᠠᠴᠠᠯ ᠤᠨ ᠦᠷᠳᠡᠭᠡ ᠶᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠬᠠᠭᠤᠯᠭ᠎ᠠ ᠪᠠᠷ ᠤᠷᠤᠰᠬᠠᠯ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠢ ᠠᠰᠢᠭᠯᠠᠨ᠂ ᠦᠵᠡᠮᠵᠢ ᠶᠢᠨ ᠣᠷᠣᠨ ᠳᠤ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ᠂ ᠰᠣᠶᠣᠯ ᠵᠤᠭᠠᠴᠠᠯ ᠤᠨ ᠤᠬᠠᠭᠤᠯᠭ᠎ᠠ ᠪᠠ ᠠᠶᠠᠨᠴᠢᠳ ᠤᠨ ᠢᠷᠡᠯᠲᠡ ᠶᠢ ᠬᠥᠲᠥᠯᠥᠨ ᠵᠢᠯᠣᠭᠤᠳᠴᠤ᠂ ᠵᠤᠭᠠᠴᠠᠯ ᠤᠨ ᠦᠵᠡᠮᠵᠢ ᠶᠢᠨ ᠣᠷᠣᠨ ᠤ ᠠᠯᠳᠠᠷᠰᠢᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳ᠋ᠦᠩ ᠵᠢᠶᠠ ᠼᠦᠨ ᠲᠣᠰᠬᠤᠨ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠣᠯᠤᠭᠰᠠᠨ ᠤ ᠬᠤᠪᠢ ᠳᠤ᠂ ᠢᠮᠠᠭᠲᠠ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠤᠯᠵᠤ᠂ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃    ᠴᠧᠨ ᠶᠠ ᠮᠢᠩ᠂ ᠮᠧᠩ ᠽᠧ ᠴᠢᠶᠦ᠋ᠩ᠂ ᠸᠠᠩ ᠬᠤ᠋ ᠵᠢᠶᠦ᠋ᠨ ᠣᠷᠣᠯᠴᠠᠵᠠᠢ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2