ᠴᠢᠦ ᠵᠢᠶᠦ᠋ᠨ ᠵᠢᠶᠧ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠭᠤᠷᠬᠠᠢ ᠶᠢ ᠰᠡᠷᠭᠦᠭᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/28
   5 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠭᠤᠷᠬᠠᠶ ᠶᠢ ᠰᠡᠷᠭᠦᠭᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠴᠢᠦ ᠵᠢᠶᠦ᠋ᠨ ᠵᠢᠶᠧ ᠤᠷᠢᠳ ᠬᠤᠵᠢᠳ ᠮᠣᠳᠣ ᠰᠢᠶᠠᠩ ᠤᠨ ᠡᠯ ᠳ᠋ᠤᠤ ᠴᠢᠦᠢ ᠲᠣᠰᠬᠤᠨ᠂ ᠰᠢ ᠱᠦᠢ ᠴᠢᠤᠸᠠᠨ ᠲᠣᠰᠬᠤᠨ᠂ ᠱᠢ ᠱᠢ ᠡᠯ ᠴᠢᠩ ᠲᠣᠰᠬᠤᠨ᠂ ᠪᠠᠶᠠᠨᠭᠤᠠᠩ ᠡᠵᠡᠨ ᠦᠭᠡᠢ ᠠᠭᠤᠷᠬᠠᠢ ᠶᠢᠨ ᠣᠷᠣᠨ ᠳᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠦᠢᠯᠡᠰ ᠤᠨ ᠬᠥᠭᠵᠢᠯᠲᠡ᠂ ᠠᠭᠤᠷᠬᠠᠢ ᠶᠢᠨ ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠴᠢᠦ ᠵᠢᠶᠦ᠋ᠨ ᠵᠢᠶᠧ ᠬᠡᠯᠡᠭᠰᠡᠨ ᠨᠢ᠂ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠪᠣᠯᠤᠨ᠎ᠠ᠂ ᠲᠣᠰᠬᠤᠨ ᠤ ᠪᠣᠳᠠᠲᠤ ᠪᠠᠶᠢᠳᠠᠯ ᠳᠤ ᠴᠢᠩᠭ᠎ᠠ ᠰᠠᠭᠤᠷᠢᠯᠠᠵᠤ ᠂ ᠲᠤᠰ ᠪᠡᠶ᠎ᠡ ᠶᠢᠨ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠢ ᠵᠣᠬᠢᠰᠲᠠᠢ ᠲᠣᠭᠲᠠᠭᠠᠵᠤ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠪᠤᠶᠢᠵᠢᠭᠤᠯᠬᠤ ᠪᠠ ᠳᠡᠯᠭᠡᠷᠡᠭᠦᠯᠬᠦ ᠪᠠᠨ ᠴᠢᠩᠭᠠᠳᠬᠠᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠪᠠᠷ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠵᠠᠩ ᠶᠧ ᠢᠦᠢ ᠣᠷᠣᠯᠴᠠᠪᠠ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2