5 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠮᠠᠨ ᠤ ᠰᠢᠶᠠᠨ ᠰᠢᠶᠠᠨ ᠤ ᠨᠠᠮ ᠤᠨ | ᠬᠤᠷᠢᠶᠠᠨ ᠤ ᠬᠠᠮᠢᠶᠠᠷᠤᠯᠲᠠ ᠶᠢᠨ ᠰᠠᠯᠠᠭᠠᠨ ᠤ ᠲᠡᠰ ᠤᠨ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠶᠢ ᠭᠦᠨᠵᠡᠭᠡᠢ | ᠲᠤᠤᠱᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠠᠬᠢᠭᠤᠯᠪᠠ᠃ | ᠲᠣᠰ ᠤᠳᠠᠭᠠᠨ ᠤ ᠨᠣᠮ ᠤᠩᠰᠢᠬᠤ ᠠᠩᠭᠢ ᠨᠢ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠬᠦ︾ ᠪᠠᠷ ᠭᠤᠤᠯ ᠰᠡᠳᠦᠪ ᠪᠣᠯᠭᠠᠵᠤ᠂ ᠲᠤᠰᠬᠠᠶ | ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ᠂ | ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠠᠯᠠᠭᠤ ᠺᠠᠳ᠋ᠷᠴᠤᠳ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠲᠣᠭᠲᠠᠯ ᠬᠦᠴᠦᠨ ᠢ ᠴᠢᠩᠭᠠᠳᠬᠠᠪᠠ᠃ | ᠪᠥᠬᠦ ᠰᠢᠶᠠᠨ ᠤ ᠵᠠᠭᠤ ᠭᠠᠷᠤᠶ ᠰᠢᠶᠠᠨ ᠤ ᠨᠠᠮ ᠤᠨ ᠬᠤᠷᠢᠶᠠᠨ ᠤ ᠬᠠᠮᠢᠶᠠᠷᠤᠯᠲᠠ ᠶᠢᠨ ᠰᠠᠯᠠᠭᠠᠨ ᠤ ᠲᠠᠰ ᠤᠨ ᠵᠠᠯᠠᠭᠤ | ᠺᠠᠳ᠋ᠷ ᠪᠣᠯᠪᠠᠰᠤᠷᠠᠯ ᠳᠤ ᠣᠷᠣᠯᠴᠠᠵᠤ᠂ ᠡᠨᠡ ᠬᠤᠭᠤᠴᠠᠭᠠᠨ ᠳᠤ ᠲᠡᠳᠡ ᠨᠠᠮ ᠤᠨ ᠰᠤᠷᠲᠠᠯ ᠤᠨ ᠪᠠᠶᠢᠭᠤᠯᠤᠯᠲᠠ ᠶᠢᠨ | ᠣᠨᠣᠯ ᠢ ᠭᠦᠨᠵᠡᠭᠡᠶ ᠰᠤᠷᠤᠯᠴᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ | ᠬᠦᠷᠴᠦ ᠲᠤᠬᠠᠶ ᠶᠢᠨ ᠲᠠᠯᠠᠪᠤᠷ ᠤᠨ ᠰᠡᠷᠡᠮᠵᠢᠯᠡᠭᠦᠯᠦᠯ ᠢ ᠣᠯᠤᠭᠰᠠᠨ ᠪᠥᠭᠡᠳ ᠰᠤᠷᠲᠠᠯ ᠤᠨ ᠪᠠᠶᠢᠭᠤᠯᠤᠯᠲᠠ ᠶᠢᠨ | ᠦᠷ᠎ᠡ ᠪᠦᠲᠦᠮᠵᠢ᠂ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | ︽ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠬᠤ ᠪᠠ ᠦᠢᠯᠡᠳᠦᠯᠭᠡᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ | ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠵᠠᠯᠠᠭᠤ ᠺᠠᠳ᠋ᠷᠴᠤᠳ ᠲᠤ ᠭᠦᠨᠵᠡᠭᠡᠶ ᠰᠤᠷᠤᠯᠴᠠᠬᠤ᠂ | ᠰᠣᠯᠢᠯᠴᠠᠬᠤ ᠲᠠᠪᠴᠠᠩ ᠬᠠᠩᠭᠠᠬᠤ ᠶᠢᠨ ᠲᠥᠯᠥᠭᠡ ᠶᠤᠮ︾ ᠭᠡᠵᠡᠶ᠃ | ︽ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠢ ᠨᠠᠢᠮᠠᠨ ᠲᠣᠭᠲᠠᠭᠠᠯ ᠤᠨ ᠦᠢᠯᠡ | ᠠᠵᠢᠯᠯᠠᠭ᠎ᠠ ᠶᠢᠨ ᠪᠠᠷᠢᠮᠵᠢᠶ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠤᠯᠤᠰ ᠲᠥᠷᠥ ᠶᠢᠨ ᠱᠠᠭᠠᠷᠳᠠᠯᠭ᠎ᠠ ᠪᠣᠯᠤᠨ᠎ᠠ | ᠭᠡᠳᠡᠭ ᠢ ᠭᠦᠨᠵᠡᠭᠡᠶ ᠲᠠᠨᠢᠵᠤ ᠤᠯᠪᠠ᠃ ᠵᠠᠮ ᠬᠠᠷᠢᠯᠴᠠᠭᠠᠨ ᠤ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠠᠯ ᠤᠨ ᠪᠢᠴᠢᠭ ᠮᠠᠲ᠋ᠧᠷᠢᠶᠠᠯ ᠢ ᠴᠣᠮᠬᠠᠳᠬᠠᠬᠤ᠂ ᠠᠯᠪᠠᠨ | ᠶᠠᠪᠤᠳᠠᠯ ᠤᠨ ᠵᠣᠴᠢᠯᠠᠭ᠎ᠠ ᠶᠢ ᠵᠢᠷᠤᠮᠵᠢᠭᠤᠯᠬᠤ᠂ ᠠᠯᠪᠠᠨ ᠤ ᠭᠤᠷᠪᠠᠨ ᠵᠦᠢᠯ ᠤᠨ ᠵᠠᠷᠤᠳᠠᠯ ᠢ ᠪᠠᠭᠠᠰᠬᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠩ ᠣᠯᠠᠨ ᠣᠶᠤᠨ ᠴᠢᠳᠠᠯ ᠢᠶᠠᠨ ᠪᠣᠳᠠᠲᠠᠶ ᠠᠵᠢᠯ ᠤᠨ ᠳᠤᠮᠳᠠ ᠲᠠᠯᠪᠢᠬᠤ | ᠬᠡᠷᠡᠭᠲᠡᠶ︾ ᠬᠡᠵᠡᠢ᠃ | ︽ᠬᠤᠶᠢᠰᠢᠳᠠ ᠪᠢ ᠲᠣᠰ ᠤᠳᠠᠭᠠᠨ ᠤ ᠨᠣᠮ ᠤᠩᠰᠢᠬᠤ ᠠᠩᠭᠢ ᠪᠠᠷ ᠰᠢᠨ᠎ᠡ ᠭᠠᠷᠤᠭ᠎ᠠ ᠪᠣᠯᠭᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ | ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶ᠋ᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ | ᠥᠬᠡᠶ ᠴᠢᠩᠭᠠᠳᠬᠠᠵᠤ᠂ ᠬᠠᠲᠠᠭᠤ ᠴᠢᠩᠭ᠎ᠠ ᠰᠤᠷᠲᠠᠯ᠂ ᠯᠠᠪᠳᠠᠭᠤᠨ ᠪᠠᠲᠤᠲᠠᠶ ᠠᠵᠢᠯ ᠢᠶᠠᠷ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠨ᠎ᠡ︾ ᠭᠡᠪᠡ᠃ | ᠲᠣᠰ ᠤᠳᠠᠭᠠᠨ ᠤ ᠠᠵᠢᠯᠯᠠᠭ᠎ᠠ ᠪᠣᠯ ᠱᠠᠩᠳᠤ ᠰᠢᠶᠠᠨ ᠤ ᠨᠠᠮ ᠤᠨ ᠬᠤᠷᠢᠶᠠᠨ ᠤ ᠵᠠᠯᠠᠭᠤ ᠺᠠᠳ᠋ᠷᠴᠤᠳ ᠢ | ᠬᠥᠮᠦᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠵᠠᠯᠠᠭᠤ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ | ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠮᠡᠳᠡᠬᠦᠶ ᠬᠢᠬᠦᠶ ᠶᠢ ᠨᠢᠭᠡᠳᠬᠡᠵᠦ᠂ ᠰᠤᠷᠲᠠᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠢ ᠠᠵᠢᠯ ᠬᠢᠵᠦ ᠦᠢᠯᠡᠰ ᠴᠣᠭᠴᠠᠯᠠᠬᠤ ᠠᠵᠢᠯᠯᠠᠭᠠᠨ ᠤ ᠤᠬᠠᠮᠰᠠᠷ ᠪᠠ | ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠵᠤ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠰᠠᠬᠢᠯᠭ᠎ᠠ | ᠪᠠᠲᠤ ᠰᠤᠷᠲᠠᠯ ᠤᠨ ᠰᠠᠭᠤᠷᠢ ᠶᠢ ᠪᠠᠲᠤ ᠴᠣᠭᠴᠠᠯᠠᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |