5 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠤᠷᠢᠳ | ᠬᠤᠵᠢᠳ ᠮᠠᠨ ᠤ ᠰᠢᠶᠠᠨ ᠤ ᠬᠠᠭᠤᠴᠢᠨ ᠪᠠᠶᠢᠰᠢᠩ ᠬᠡᠷ ᠤᠨ ᠲᠣᠭᠤᠷᠢᠭ ᠤᠨ ᠵᠠᠮ ᠤᠨ ᠭᠠᠳᠠᠷᠭᠤ ᠶᠢ | ᠬᠠᠲᠠᠭᠤᠷᠠᠭᠤᠯᠬᠤ ᠢᠨᠵᠧᠨᠧᠷᠢᠩ ᠤᠨ ᠲᠥᠷᠥᠯ ᠵᠦᠶ᠋ᠯ᠂ ᠵᠥᠩ ᠭᠠᠨ ᠰᠤᠪᠠᠭ ᠤᠨ ᠪᠣᠷᠣᠭᠠᠨ ᠤ ᠤᠰᠤᠨ ᠤ | ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠶ᠋ᠯ᠂ ᠶᠦᠩ ᠠᠨ ᠵᠠᠮ ︵ᠶᠤᠸᠠᠨ ᠸᠧᠶ | ᠵᠢᠷᠭᠤᠳᠤᠭᠠᠷ ᠵᠠᠮ︶ ᠤᠨ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠶ᠋ᠯ᠂ | ᠴᠢ ᠲᠠᠢ ᠪᠠᠯᠭᠠᠰᠤᠨ ᠤ ᠤᠤᠭᠤᠬᠤ ᠤᠰᠤᠨ ᠤ ᠠᠮᠤᠷ ᠲᠦᠪᠰᠢᠨ ᠤ ᠲᠥᠷᠥᠯ ᠵᠦᠶ᠋ᠯ ᠵᠢᠴᠢ ᠠᠷᠠᠳ ᠲᠤ ᠠᠰᠢᠭ | ᠬᠦᠷᠲᠡᠭᠡᠬᠦ ᠬᠦᠷᠢᠶᠡᠯᠡᠩ ᠤᠨ ᠲᠥᠷᠥᠯ ᠵᠦᠶ᠋ᠯ ᠵᠡᠷᠭᠡ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ | ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠶ᠋ᠯ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ | ᠪᠠ ᠠᠶᠤᠯᠭᠦᠶ ᠦᠶ᠋ᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠤᠬᠠᠶ ᠶᠢᠨ ᠲᠠᠯᠠᠪᠠᠶ ᠳᠤ | ᠠᠵᠢᠯᠯᠠᠵᠤ᠂ ᠲᠥᠷᠥᠯ ᠵᠦᠶ᠋ᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠵᠣᠬᠢᠴᠠᠭᠤᠯᠤᠨ ᠰᠢᠶ᠋ᠳᠪᠦᠷᠢᠯᠡᠪᠡ᠃ | ᠶᠠᠩ ᠸᠧᠨ ᠾᠦᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ | ᠠᠮᠢᠳᠤᠷᠠᠯ ᠤᠨ ᠢᠨᠵᠧᠨᠧᠷᠢᠩ ᠨᠢᠭᠡᠪᠦᠷᠢ ᠶᠢ ᠰᠡᠳᠬᠢᠯ ᠲᠠᠯᠪᠢᠨ ᠰᠡᠳᠬᠢᠯᠭᠡ ᠪᠠᠷ᠂ ᠦᠷᠭᠦᠯᠵᠢᠯᠡᠨ ᠴᠥᠬᠦᠷᠡᠰᠢ | ᠦᠭᠡᠢ ᠪᠠᠷ ᠪᠣᠳᠠᠲᠠᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠲᠥᠯᠥᠪᠵᠢᠭᠦᠯᠵᠦ᠂ ︽ᠮᠤᠬᠤᠷ ᠵᠠᠮ︾ ᠢ ᠨᠡᠪᠲᠡᠷᠡᠭᠦᠯᠬᠦ ᠬᠠᠮᠢᠶ᠎ᠠ ᠪᠦᠬᠦᠢ ᠠᠵᠢᠯ ᠢ ᠱᠠᠯᠠᠪᠳᠠᠨ | ᠡᠬᠢᠯᠡᠭᠦᠯᠦᠨ ᠬᠡᠷᠡᠭᠵᠢᠭᠦᠯᠵᠦ᠂ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠬᠤᠳᠠ ᠶᠢᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠬᠤᠳᠠ ᠶᠢᠨ | ᠲᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠢ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠰᠢᠨᠡᠳᠬᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠴᠢᠬᠤᠯᠠᠴᠢᠯᠠᠨ᠂ ᠬᠠᠮᠢᠶᠠᠷᠤᠯᠲᠠ ᠪᠠ ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ᠂ ᠬᠤᠭᠤᠯᠠᠨ | ᠦᠯᠡᠳᠡᠪᠦᠷᠢ ᠬᠤᠭ ᠨᠣᠪᠰᠢ ᠶᠢ ᠰᠢᠢᠳᠪᠦᠷᠢᠯᠡᠬᠦ᠂ ᠳᠠᠮᠵᠢᠭᠤᠯᠤᠨ ᠵᠥᠭᠡᠭᠡᠪᠦᠷᠢᠯᠡᠬᠦ ᠵᠡᠷᠭᠡ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠨᠡᠩ ᠥᠨᠳᠥᠷ ᠪᠦᠲᠦᠮᠵᠢᠲᠡᠶ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠵᠤ᠂ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ | ᠳᠡᠭᠡᠭᠰᠢᠯᠡᠭᠦᠯᠬᠦ ᠬᠡᠷᠡᠭᠲᠡᠶ᠃ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠ | ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ | ᠂ ᠲᠥᠬᠦᠭᠡᠷᠦᠮᠵᠢ ᠲᠥᠬᠦᠭᠡᠷᠦᠮᠵᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠤᠰᠤ ᠬᠠᠩᠭᠠᠬᠤ ᠠᠮᠤᠷ ᠲᠦᠪᠰᠢᠨ ᠤ ᠬᠠᠯᠬᠠᠪᠴᠢ ᠶᠢ ᠴᠢᠨᠠᠭᠰᠢᠳᠠ ᠪᠠᠬᠢᠵᠢᠭᠦᠯᠵᠦ᠂ ᠤᠯᠠᠨ | ᠲᠦᠮᠡᠨ ᠳᠤ ᠰᠠᠨᠠᠭ᠎ᠠ ᠠᠮᠤᠷ ᠤᠰᠤ᠂ ᠠᠮᠤᠷ ᠲᠦᠪᠰᠢᠨ ᠤᠰᠤ᠂ ᠴᠢᠨᠠᠷ ᠰᠠᠶᠢᠲᠠᠢ ᠤᠰᠤ ᠤᠤᠭᠤᠯᠭᠠᠬᠤ ᠶᠢ | ᠪᠠᠲᠤᠯᠠᠬᠤ ᠬᠡᠷᠡᠭᠲᠡᠢ᠃ | ᠶᠠᠩ ᠸᠧᠨ ᠾᠦᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠠᠬᠢᠭᠤᠯᠬᠤ ᠶᠢᠨ ᠬᠠᠮᠲᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠶᠢ ᠦᠨᠡᠨᠬᠦ ᠴᠢᠩᠭᠠᠳᠬᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ᠵᠠᠩ ᠭᠤᠸᠠᠩ᠂ ᠶᠠᠩ ᠶᠦᠩ ᠨᠠᠷ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |