ᠶᠠᠩ ᠸᠧᠨ ᠾᠦᠢ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/5/29
  5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠶᠠᠩ ᠸᠧᠨ ᠾᠦᠢ ᠤᠷᠢᠳ ᠬᠤᠵᠢᠳ ᠱᠠᠩᠳᠤ ᠰᠢᠶᠠᠨ ᠤ ᠸᠠᠨ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠠᠩᠳᠤ ᠰᠢᠶᠠᠨ ᠤ ᠰᠢᠨ ᠲᠠᠢ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠺᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠠᠢ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃    ᠶᠠᠩ ᠸᠧᠨ ᠾᠦᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠪᠣᠯᠤᠨ ᠡᠳᠦᠷ ᠲᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ︽ᠬᠤᠶᠠᠷ ᠲᠠᠯ᠎ᠠ ᠪᠠᠷ ᠠᠳᠬᠤᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃ ᠲᠡᠷᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃    ᠶᠠᠩ ᠶᠦᠩ᠂ ᠯᠸᠢ ᠭᠦᠸᠧ ᠫᠢᠩ᠂ ᠶᠤᠸᠠᠨ ᠬᠠᠢ ᠬᠤᠩ ᠣᠷᠣᠯᠴᠠᠪᠠ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2