ᠶᠠᠩ ᠸᠧᠨ ᠾᠦᠢ ᠴᠢ ᠲᠠᠢ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/29
 5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠴᠢ ᠲᠠᠢ ᠪᠠᠯᠭᠠᠰᠤᠨ ᠳᠤ ᠬᠦᠷᠴᠦ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠭᠤᠣᠯ ᠤᠨ ᠵᠠᠮ ᠤᠨ ᠬᠠᠤᠯᠢ ᠲᠣᠭᠲᠠᠭᠠᠯ ᠠᠴᠠ ᠵᠥᠷᠢᠴᠡᠨ ᠡᠯᠡᠰᠦ ᠮᠠᠯᠲᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠭᠦᠨᠵᠡᠭᠡᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃    ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠴᠢ ᠲᠠᠢ ᠪᠠᠯᠭᠠᠰᠤᠨ ᠤ ᠳ᠋ᠦ᠋ ᠱᠠᠨ ᠵᠡᠭᠡᠯᠢ ᠶᠢᠨ ᠨᠡᠶᠢᠭᠡᠮ ᠲᠣᠭᠤᠷᠢᠭ ᠲᠤ᠂ ᠶᠠᠩ ᠸᠧᠨ ᠾᠦᠢ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠤᠯᠴᠠᠯᠭ᠎ᠠ ᠬᠥᠮᠦᠵᠢᠯ ᠤᠨ ᠥᠷᠨᠢᠯᠲᠡ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠡᠶᠢᠭᠡᠮ ᠲᠣᠭᠤᠷᠢᠭ ᠤᠨ ᠬᠢᠨ ᠦᠨᠳᠦᠰᠦᠨ ᠱᠠᠲᠤᠨ ᠤ ᠵᠠᠰᠠᠯᠲᠠ ᠳᠤ ᠪᠠᠶᠢᠬᠤ᠂ ᠤᠯᠠᠨ ᠲᠦᠮᠡᠨ ᠤ ᠡᠮᠦᠨ᠎ᠡ ᠹᠷᠣᠨᠲ ᠲᠤ ᠦᠢᠯᠡᠴᠢᠯᠡᠬᠦ ᠴᠢᠬᠤᠯᠠ ᠪᠠᠬᠢᠯᠡᠯᠲᠡ ᠶᠢᠨ ᠦᠢᠯᠡᠳᠦᠯ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠶᠢᠲᠤᠷ ᠴᠤᠭᠯᠠᠭᠤᠯᠤᠨ ᠴᠠᠭ ᠲᠤᠬᠠᠢ ᠳᠤᠨᠢ ᠳᠡᠭᠡᠭᠰᠢ ᠬᠠᠷᠢᠭᠤ ᠲᠤᠰᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠤᠯᠠᠨ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃    ᠶᠠᠩ ᠸᠧᠨ ᠾᠦᠢ ᠰᠢᠯ ᠭᠤᠣᠯ ᠤᠨ ᠭᠤᠣᠯ ᠳᠤ ᠬᠦᠷᠴᠦ᠂ ᠭᠤᠣᠯ ᠤᠨ ᠵᠠᠮ ᠤᠨ ᠬᠠᠤᠯᠢ ᠲᠣᠭᠲᠠᠭᠠᠯ ᠠᠴᠠ ᠵᠥᠷᠢᠴᠡᠨ ᠡᠯᠡᠰᠦ ᠮᠠᠯᠲᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠷᠭᠡᠵᠢᠯ ᠤᠨ ᠰᠡᠷᠭᠡᠶᠢᠯᠡᠯᠲᠡ ᠵᠡᠷᠭᠡ ᠠᠷᠭ᠎ᠠ ᠪᠠᠷᠢᠯ ᠢ ᠬᠡᠷᠡᠭᠯᠡᠨ᠂ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠲᠠᠰᠤᠷᠠᠯᠲᠠ ᠥᠬᠡᠶ ᠴᠢᠩᠭᠠᠳᠬᠠᠨ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠬᠡᠯᠡᠪᠡ᠃    ᠴᠢ ᠲᠠᠢ ᠪᠠᠯᠭᠠᠰᠤᠨ ᠤ ᠡᠦ ᠯᠠᠮᠠ ᠶᠢᠨ ᠭᠤᠤ ᠵᠠᠰᠠᠭ ᠵᠠᠬᠢᠷᠭᠠᠨ ᠤ ᠲᠣᠰᠬᠤᠨ ᠳᠤ᠂ ᠶᠠᠩ ᠸᠧᠨ ᠾᠦᠢ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ᠂ ᠡᠷᠡᠭᠦᠯ ᠬᠠᠮᠠᠭᠠᠯᠠᠯ ᠤᠨ ᠲᠠᠰᠤᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ᠡᠮᠴᠢᠯᠡᠭᠡᠨ ᠤ ᠦᠢᠯᠡᠴᠢᠯᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠴᠠᠢ᠃ ᠲᠡᠷᠡ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠢᠷᠡᠯᠲᠡ ᠪᠠ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠮᠠᠯᠴᠢᠨ ᠲᠠᠷᠢᠶᠠᠴᠢᠨ ᠢ ᠦᠨᠡᠨ ᠬᠦ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠣᠯᠠᠨ ᠲᠦᠮᠡᠨ ᠤ ︽ᠬᠡᠷ ᠤᠨ ᠡᠭᠦᠳᠡ ︾ ᠶᠢᠨ ᠡᠮᠴᠢᠯᠡᠭᠡᠨ ᠤ ᠦᠶ᠋ᠯᠡᠴᠢᠯᠡᠭᠡᠨ ᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠡᠮᠴᠢᠯᠡᠭᠡᠨ ᠤ ᠦᠶ᠋ᠯᠡᠴᠢᠯᠡᠭᠡ ᠶᠢ ᠰᠠᠶᠢᠲᠤᠷ ᠬᠢᠬᠦ ᠶᠢᠨ ᠬᠠᠮᠲᠤ᠂ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠯ᠎ᠡ ᠵᠦᠶ᠋ᠯ ᠤᠨ ᠠᠵᠢᠯ ᠢ ᠭᠦᠨᠵᠡᠭᠡᠶ ᠨᠠᠷᠢᠯᠢᠭ ᠪᠣᠳᠠᠲᠠᠶ ᠬᠢᠵᠦ᠂ ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠶ᠋ᠯᠡᠴᠢᠯᠡᠭᠡ ᠶᠢ ᠦᠨᠡᠨ ᠬᠦ ᠮᠡᠳᠡᠷᠡᠭᠦᠯᠬᠦ ᠬᠡᠷᠡᠭᠲᠡᠶ᠃    ᠯᠢ ᠶᠠ ᠳ᠋ᠦᠩ᠂ ᠵᠠᠩ ᠶᠧ ᠢᠦᠢ ᠣᠷᠣᠯᠴᠠᠪᠠ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2