ᠰᠠᠨ ᠳ᠋ᠠ ᠴᠢᠩ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠠᠵᠢᠯᠯᠠᠭᠠᠨ ᠤ ᠵᠠᠷᠯᠠᠯ
ᠨᠡᠶᠢᠲᠡᠯᠡᠭᠰᠡᠨ ᠴᠠᠭ᠄
2025/5/8
  ᠪᠦᠬᠦ ᠰᠢᠶᠠᠩ ᠤᠨ ᠥᠷᠭᠡᠨ ᠤᠯᠠᠨ ᠠᠷᠠᠳ ᠲᠦᠮᠡᠨ ᠳᠤ᠄ ᠶᠡᠷᠦᠩᠬᠡᠶᠢᠯᠡᠨ ᠵᠠᠰᠠᠬᠤ ᠲᠥᠪ ᠨᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠩᠭᠢᠯᠠᠭ᠎ᠠ ᠶᠢᠨ ᠬᠦᠢᠰᠦ ᠪᠣᠯᠤᠭᠰᠠᠨ ᠤ ᠬᠤᠪᠢ ᠳᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠷ ᠳᠠᠮᠵᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠬᠠᠤᠯᠢ ᠴᠠᠭᠠᠵᠠ ᠶᠢᠨ ᠠᠰᠠᠭᠤᠳᠠᠯ ᠤᠨ ᠵᠥᠪᠯᠡᠯᠭᠡ ᠥᠭᠬᠦ ᠥᠨᠳᠥᠷ ᠪᠦᠲᠦᠮᠵᠢᠲᠡᠢ ᠲᠠᠪᠴᠠᠩ ᠢ ᠪᠠᠶᠢᠭᠤᠯᠵᠤ᠂ ᠲᠠᠨ ᠳᠤ ᠠᠰᠠᠭᠤᠳᠠᠯ ᠲᠤᠯᠭᠠᠷᠠᠪᠠᠯ ᠬᠡᠯᠡᠬᠦ ᠭᠠᠵᠠᠷ ᠲᠠᠢ᠂ ᠬᠠᠤᠯᠢ ᠲᠠᠢ᠂ ᠬᠠᠪᠰᠤᠷᠬᠤ ᠬᠥᠮᠥᠨ ᠲᠠᠢ ᠪᠣᠯᠭᠠᠬᠤ ᠬᠡᠷᠡᠭᠲᠡᠢ᠃ ᠰᠠᠨ ᠳ᠋ᠠ ᠴᠢᠩ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠨᠢᠭᠡᠨᠲᠡ ᠠᠰᠢᠭᠯᠠᠯᠲᠠ ᠳᠤ ᠣᠷᠣᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠶᠡᠷᠦᠩᠬᠡᠶᠢᠯᠡᠨ ᠵᠠᠰᠠᠬᠤ ᠲᠥᠪ ᠶᠠᠮᠠᠷ ᠶᠠᠮᠠᠷ ᠦᠢᠯᠡᠴᠢᠯᠡᠭᠡ ᠬᠠᠩᠭᠠᠵᠤ ᠪᠣᠯᠬᠤ ᠪᠣᠶ︖ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡ᠄ ᠶᠡᠷᠦᠩᠬᠡᠶᠢᠯᠡᠨ ᠵᠠᠰᠠᠬᠤ ᠲᠥᠪ ᠠᠴᠠ ᠲᠤᠰᠬᠠᠶ ᠮᠡᠷᠭᠡᠵᠢᠯ ᠤᠨ ᠡᠶᠡᠳᠡᠭᠦᠯᠦᠭᠴᠢ ᠲᠣᠬᠢᠷᠠᠭᠤᠯᠵᠤ᠂ ᠬᠥᠷᠰᠢ ᠵᠡᠷᠭᠡᠯᠡᠳᠡᠭᠡ ᠶᠢᠨ ᠵᠥᠷᠢᠴᠡᠯ᠂ ᠤᠷᠤᠭ ᠭᠡᠷ ᠪᠦᠯᠢ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ᠂ ᠬᠥᠳᠡᠯᠮᠦᠷᠢ ᠶᠢᠨ ᠮᠠᠷᠭᠤᠯᠳᠤᠭᠠᠨ ᠵᠡᠷᠭᠡ ᠵᠢᠭᠤᠷᠠᠯᠳᠤᠭᠠᠨ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠡᠶᠡᠳᠡᠭᠦᠯᠬᠦ ᠦᠢᠯᠡᠴᠢᠯᠡᠭᠡ ᠬᠠᠩᠭᠠᠵᠤ᠂ ᠰᠢᠢᠳᠪᠦᠷᠢᠯᠡᠬᠦ ᠲᠥᠰᠦᠯ ᠢ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ᠄ ᠶᠡᠷᠦᠩᠬᠡᠶᠢᠯᠡᠨ ᠵᠠᠰᠠᠬᠤ ᠲᠥᠪ ᠨᠢ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠤᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠦᠢᠯᠡᠴᠢᠯᠡᠭᠡ ᠬᠠᠩᠭᠠᠵᠤ᠂ ᠤᠯᠠᠨ ᠲᠦᠮᠡᠨ ᠢ ᠬᠠᠪᠰᠤᠷᠤᠨ ᠬᠠᠤᠯᠢ ᠴᠠᠭᠠᠵᠠ ᠶᠢᠨ ᠰᠡᠵᠢᠭ ᠢ ᠨᠢ ᠰᠢᠢᠳᠪᠦᠷᠢᠯᠡᠵᠦ ᠥᠭᠭᠦᠨ᠎ᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠦᠢᠯᠡᠴᠢᠯᠡᠭᠡ᠄ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠶᠡᠷᠦᠩᠬᠡᠶᠢᠯᠡᠨ ᠵᠠᠰᠠᠬᠤ ᠲᠥᠪ ᠨᠢ ᠳᠠᠩᠰᠠᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠲᠤᠰᠢᠶᠠᠨ ᠰᠢᠢᠳᠪᠦᠷᠢᠯᠡᠭᠦᠯᠬᠦ ᠂ ᠰᠢᠯᠵᠢᠭᠦᠯᠦᠨ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠭᠦᠯᠬᠦ ᠪᠥᠬᠦ ᠶᠠᠪᠤᠴᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃    ᠬᠤᠶᠠᠷ᠂ ᠶᠡᠷᠦᠩᠬᠡᠶᠢᠯᠡᠨ ᠵᠠᠰᠠᠬᠤ ᠲᠥᠪ ᠤᠨ ᠬᠠᠶᠢᠭ ᠵᠢᠴᠢ ᠬᠠᠷᠢᠯᠴᠠᠬᠤ ᠠᠷᠭ᠎ᠠ ᠮᠠᠶᠢᠭ᠄    【 ᠬᠠᠶ᠋ᠢᠭ 】 ᠰᠠᠨ ᠳ᠋ᠠ ᠴᠢᠩ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠬᠦᠷᠢᠶ᠎ᠡ    【 ᠠᠯᠪᠠᠯᠠᠬᠤ ᠴᠠᠭ᠄ 9᠄ 00-12᠄ 00᠂ 14᠄ 30-18᠄ 00︶    【 ᠠᠯᠪᠠᠨ ᠤᠲᠠᠰᠤ 】0474-6908380ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2