6 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠶᠢᠨ ᠱᠢ ᠱᠠᠨ ᠮᠥᠰᠥᠨ ᠭᠤᠤᠯ ᠤᠨ ᠱᠢ ᠯᠢᠨ ᠭᠠᠵᠠᠷ ᠰᠢᠨᠵᠢᠯᠡᠭᠡᠨ ᠤ ᠴᠡᠴᠡᠷᠯᠢᠭ ᠤᠨ | ᠦᠵᠡᠮᠵᠢ ᠶᠢᠨ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠠ᠃ | ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ᠂ ᠴᠢᠦ | ᠵᠢᠶᠦ᠋ᠨ ᠵᠢᠶᠧ ᠶᠠᠪᠤᠬᠤ ᠶᠢᠨ ᠳᠠᠭᠠᠤ ᠦᠵᠡᠬᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠬᠤ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ | ᠪᠣᠯᠤᠨ ᠬᠤᠶᠢᠰᠢᠳᠠ ᠶᠢᠨ ᠠᠵᠢᠯ ᠤᠨ ᠲᠤᠬᠢᠷᠠᠭᠤᠯᠤᠯᠳᠠ ᠶᠢ ᠨᠠᠷᠢᠨ ᠣᠶᠢᠯᠠᠭᠠᠪᠠ᠃ | ᠴᠢᠦ ᠵᠢᠶᠦ᠋ᠨ ᠵᠢᠶᠧ᠂ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ | ᠴᠡᠴᠡᠷᠯᠢᠭ ᠤᠨ ᠦᠵᠡᠮᠵᠢ ᠶᠢᠨ ᠣᠷᠣᠨ ᠤ ᠲᠦᠷᠦᠯ ᠵᠦᠢᠯ ᠢ ᠬᠥᠭᠵᠢᠭᠦᠯᠬᠦ ᠨᠢ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠵᠤ᠂ ᠲᠣᠭᠲᠠᠭᠰᠠᠨ ᠲᠥᠯᠥᠪᠯᠡᠭᠡ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠣᠰᠣᠭᠠᠷ᠂ ᠳᠡᠭᠡᠳᠦ ᠳᠣᠤᠷᠠᠳᠤ | ᠱᠠᠲᠤ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠬᠦᠴᠦᠯᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ︔ | ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ | ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠠᠰᠠᠭᠤᠳᠠᠯ ᠳᠤ ᠴᠢᠭᠯᠡᠭᠦᠯᠦᠨ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ | ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢ ᠪᠠᠲᠤ ᠡᠵᠡᠮᠳᠡᠵᠦ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠠᠬᠢᠭᠤᠯᠬᠤ ᠬᠡᠷᠡᠭᠲᠡᠶ᠃ | ᠣᠬᠤᠷ ᠸᠢᠳᠢᠣ᠋ ᠶᠢᠨ ᠲᠠᠪᠴᠠᠩ᠂ ᠰᠢᠭᠤᠳ ᠨᠡᠪᠲᠡᠷᠡᠭᠦᠯᠭᠡ ᠪᠠᠷ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ | ᠬᠡᠯᠪᠡᠷᠢ ᠶᠢ ᠠᠰᠢᠭᠯᠠᠵᠤ᠂ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ | ᠦᠵᠡᠮᠵᠢ ᠶᠢᠨ ᠣᠷᠣᠨ ᠤ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠰᠢᠶᠠᠨ ᠤ ᠵᠤᠭᠠᠴᠠᠯ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ | ᠯᠢ ᠰᠢᠶᠤᠤ ᠹᠠᠩ ᠬᠤᠷᠠᠯ ᠳᠤ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |