6 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠠᠭ ᠦᠶ᠎ᠡ ᠶᠢᠨ ᠣᠨᠴᠠᠯᠢᠭ ᠪᠠ ᠬᠥᠭᠵᠢᠯᠲᠡ ᠶᠢᠨ ᠵᠢᠮ᠎ᠡ ᠶᠣᠰᠣ ᠶᠢ | ᠣᠨᠣᠪᠴᠢᠲᠠᠶ ᠡᠵᠡᠮᠳᠡᠵᠦ᠂ ᠭᠤᠤᠯ ᠤᠷᠤᠰᠬᠠᠯ ᠤᠨ ᠦᠨ᠎ᠡ ᠥᠷᠲᠡᠭ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ᠂ | ᠭᠤᠤᠯ ᠤᠷᠤᠰᠬᠠᠯ ᠤᠨ ᠰᠣᠶᠣᠯ ᠤᠨ ᠬᠥᠲᠥᠯᠥᠨ ᠳᠠᠭᠠᠭᠤᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠣᠶᠤᠨ | ᠰᠠᠨᠠᠭ᠎ᠠ ᠪᠠᠷ ᠠᠷᠠᠳ ᠢ ᠪᠠᠶᠠᠵᠢᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠶᠡᠭᠡ ᠪᠠᠷ ᠠᠬᠢᠭᠤᠯᠵᠤ᠂ | ᠬᠤᠲᠠ ᠶᠢᠨ ᠠᠷᠠᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠴᠦᠯᠡᠨ ᠳᠡᠭᠡᠭᠰᠢᠯᠡᠭᠦᠯᠵᠦ᠂ ᠮᠠᠨ ᠤ | ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ | ᠠᠬᠢᠭᠤᠯᠬᠤ ᠬᠡᠷᠡᠭᠲᠡᠶ᠃ | ᠬᠤᠷᠠᠯ ᠠᠴᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠳᠦᠬᠡᠨ ᠪᠠᠶᠢᠭᠤᠯᠬᠤ︾ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠶᠣᠰᠣ ᠰᠤᠷᠲᠠᠬᠤᠨ ᠢ | ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠪᠡᠷᠮᠢᠴᠡ | ᠣᠨᠴᠠᠯᠢᠭ ᠲᠠᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠶᠡᠬᠡᠪᠡᠷ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠦᠨᠡᠨᠬᠦ ᠰᠠᠶᠢᠲᠤᠷ | ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠵᠤ ᠰᠢᠨ᠎ᠡ | ᠰᠤᠷᠲᠠᠯ ᠢ ᠪᠤᠢ ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠲᠤᠰ ᠪᠡᠶ᠎ᠡ ᠶᠢᠨ ᠠᠵᠢᠯᠯᠠᠭ᠎ᠠ ᠪᠠᠨ ᠤᠯᠠᠮ ᠴᠢᠨᠠᠭᠰᠢᠳᠠ ᠵᠢᠷᠤᠮᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ | ᠲᠦᠷᠦᠭᠦᠯᠡᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠱᠠᠯᠢᠨ ᠪᠦᠷᠢᠯᠭᠡᠬᠦ ᠶᠢ | ᠡᠰᠡᠷᠭᠦᠴᠡᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠬᠦᠲᠦᠯᠦᠨ ᠳᠠᠭᠠᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |