ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ 2025 ᠣᠨ ᠤ | 6 ᠳ᠋ᠤᠭᠠᠷ ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠡᠨᠡᠳᠬᠡᠭ ᠤᠨ ᠠᠭᠠᠷ ᠠᠶᠠᠯᠠᠯ ᠤᠨ | ᠺᠣᠮᠫᠠᠨᠢ ᠶᠢᠨ ᠠᠶᠠᠨᠴᠢᠨ ᠤ ᠨᠢᠰᠬᠡᠯ ᠤᠨ ᠠᠳᠡᠯ ᠠᠴᠠ ᠪᠣᠯᠵᠤ ᠬᠥᠮᠥᠨ ᠬᠠᠷ᠎ᠠ ᠶᠡᠭᠡ ᠪᠠᠷ ᠠᠳᠡᠵᠦ ᠰᠢᠷᠬᠠᠲᠤᠭᠰᠠᠨ ᠳᠤ | ᠡᠨᠡᠳᠬᠡᠭ ᠤᠨ ᠶᠡᠷᠦᠩᠬᠡᠶᠢᠯᠡᠭᠴᠢ ᠮᠦᠷᠮᠦ᠋᠂ ᠶᠡᠷᠦᠩᠬᠡᠢ ᠰᠠᠶᠢᠳ ᠮᠥᠳᠢ ᠳᠤ ᠲᠤᠰ ᠲᠤᠰ ᠲᠣᠬᠤᠨᠢᠭᠤᠯᠬᠤ ᠴᠠᠬᠢᠯᠭᠠᠨ | ᠴᠢᠮᠡᠭᠡ ᠶᠠᠪᠤᠭᠤᠯᠪᠠ᠃ | ᠰᠢ ᠶᠢᠨ ᠫᠢᠩ ᠢᠯᠡᠷᠬᠡᠶᠢᠯᠡᠬᠦ ᠳᠤ ᠪᠠᠨ᠂ ᠡᠨᠡᠳᠬᠡᠭ ᠤᠨ ᠠᠭᠠᠷ ᠠᠶᠠᠯᠠᠯ ᠤᠨ ᠺᠣᠮᠫᠠᠨᠢ ᠶᠢᠨ ᠨᠢᠭᠡᠨ | ᠠᠶᠠᠨᠴᠢᠨ ᠤ ᠨᠢᠰᠬᠡᠯ ᠠᠳᠡᠯ ᠭᠠᠷᠴᠤ᠂ ᠬᠥᠮᠥᠨ ᠬᠠᠷ᠎ᠠ ᠶᠡᠭᠡ ᠪᠠᠷ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠪᠠ᠃ | ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ | ᠠᠳᠡᠭᠰᠡᠳ ᠲᠤ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ ᠶᠢᠨ ᠬᠢᠨ ᠪᠠ | ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ᠂ ᠰᠢᠷᠬᠠᠲᠤᠭᠰᠠᠳ ᠤᠨ ᠡᠷᠲᠡᠬᠡᠨ ᠡᠷᠡᠭᠦᠯᠵᠢᠬᠦ ᠶᠢ ᠬᠦᠰᠡᠨ | ᠵᠥᠩᠨᠡᠵᠦ ᠪᠠᠶᠢᠨ᠎ᠠ ᠭᠡᠪᠡ᠃ | ᠮᠥᠨ ᠡᠳᠦᠷ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠮᠦᠳᠢ ᠳᠤ | ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃ |