ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠤ ᠵᠣᠣ ᠯᠧ ᠵᠢᠢ | ᠬᠤᠷᠠᠯ ᠢ ᠡᠷᠭᠢᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 13 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠶᠠᠷᠢᠯᠴᠠᠬᠤ ᠬᠤᠷᠠᠯ ᠬᠤᠷᠠᠯᠳᠤᠭᠤᠯᠵᠤ᠂ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠧᠨ | ᠶᠦᠨ ᠨᠥᠬᠦᠷ ᠤᠨ ᠨᠢᠭᠡ ᠨᠠᠰᠤ ᠪᠣᠯ ᠠᠭᠤᠤ ᠶᠡᠭᠡ᠂ ᠢᠷᠠᠭᠤ ᠠᠯᠳᠠᠷᠲᠠᠢ ᠨᠢᠭᠡ ᠨᠠᠰᠤ ᠮᠥᠨ᠂ ᠲᠡᠭᠦᠨ ᠤ ᠪᠤᠢ ᠪᠤᠯᠭᠠᠬᠰᠠᠨ | ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ᠂ ᠡᠭᠦᠳᠦᠨ ᠪᠦᠲᠦᠭᠡᠭᠰᠡᠨ ᠡᠯᠪᠡᠭ ᠪᠠᠶᠠᠯᠢᠭ ᠤᠳᠤᠷᠢᠳᠬᠤ ᠲᠤᠷᠰᠢᠯᠭ᠎ᠠ᠂ | ᠳ᠋ᠦᠩᠨᠡᠭᠰᠡᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ ᠠᠷᠭ᠎ᠠ ᠪᠣᠯ ᠥᠨᠢ ᠡᠭᠦᠷᠢᠳᠡ | ᠮᠠᠨ ᠤ ᠡᠷᠬᠢᠮ ᠨᠠᠨᠳᠢᠨ ᠥᠪ ᠬᠥᠷᠥᠩᠭᠡ ᠮᠥᠨ᠃ ᠪᠢᠳᠡ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠪᠠᠳᠠᠷᠠᠭᠤᠯᠤᠨ ᠳᠡᠯᠭᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | 6 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ | ᠣᠶ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ | ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠶᠠᠷᠢᠯᠴᠠᠬᠤ | ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ ᠴᠧᠨ ᠶᠦᠨ ᠨᠥᠬᠦᠷ ᠤᠨ ᠭᠡᠷᠡᠯ ᠰᠠᠴᠤᠷᠠᠩᠭᠤᠢ ᠨᠢᠭᠡ ᠨᠠᠰᠤ ᠶᠢ | ᠡᠷᠭᠢᠴᠡᠭᠦᠯᠪᠡ᠂ ᠲᠡᠭᠦᠨ ᠤ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ | ᠲᠥᠯᠥᠭᠡ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠳ᠋ᠦᠩᠨᠡᠵᠦ᠂ ᠴᠧᠨ ᠶᠦᠨ ᠨᠥᠬᠦᠷ ᠪᠣᠯ ᠦᠭᠡᠶᠢᠭᠦᠦ | ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠰᠢᠯᠭᠠᠷᠠᠭᠰᠠᠨ ᠮᠠᠷᠺᠰ ᠤᠨ ᠦᠵᠡᠯᠲᠡᠨ ᠮᠥᠨ᠂ | ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠳᠦᠭᠴᠢ ᠪᠠ ᠰᠠᠭᠤᠷᠢ | ᠲᠠᠯᠪᠢᠭᠴᠢ ᠶᠢᠨ ᠨᠢᠭᠡ ᠮᠥᠨ᠂ ᠨᠠᠮ ᠪᠠ ᠲᠦᠷᠦ ᠶᠢᠨ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠭᠠᠷᠮᠠᠭᠠᠢ | ᠤᠳᠤᠷᠢᠳᠬᠤ ᠬᠥᠮᠥᠨ᠂ ᠮᠠᠤ ᠽᠧ ᠳ᠋ᠦᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ | ᠬᠤᠷᠢᠶ᠎ᠠ ᠶᠢᠨ ᠤᠳᠤᠷᠢᠳᠬᠤ ᠬᠠᠮᠲᠤ ᠪᠠ ᠳ᠋ᠧᠩ ᠰᠢᠶᠣᠣ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠬᠤᠶᠠᠳᠤᠭᠠᠷ | ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠴᠢᠬᠤᠯᠠ ᠪᠦᠷᠢᠯᠳᠦᠭᠦᠨ ᠮᠥᠨ᠂ ᠨᠠᠮ ᠪᠠ ᠠᠷᠠᠳ | ᠲᠦᠮᠡᠨ ᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠴᠧᠨ ᠶᠦᠨ ᠨᠥᠬᠦᠷ ᠤᠷᠳᠤ ᠬᠤᠭᠤᠴᠠᠭᠠᠨ ᠤ ᠬᠤᠪᠢᠰᠬᠠᠯ ᠤᠨ ᠠᠮᠢᠳᠤᠷᠠᠯ ᠳᠤᠮᠳᠠ ᠪᠠᠨ | ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ᠂ ᠪᠠᠲᠤ ᠴᠢᠩᠭ᠎ᠠ ᠨᠠᠮᠴᠢ ᠴᠢᠨᠠᠷ ᠤᠨ ᠵᠠᠷᠴᠢᠮ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠭᠢᠮᠯᠡᠭᠦ ᠰᠤᠷᠲᠠᠯ᠂ ᠪᠣᠷᠣᠭᠵᠢᠭᠤᠨ ᠠᠯᠪᠠᠨ ᠵᠠᠷᠤᠴᠠ ᠶᠢᠨ ᠰᠡᠳᠬᠢᠯᠭᠡ᠂ ᠰᠢᠷᠭᠠᠭᠤ ᠰᠤᠷᠤᠯᠴᠠᠬᠤ ᠵᠣᠷᠢᠭ | ᠰᠠᠨᠠᠭ᠎ᠠ ᠶᠢ ᠪᠤᠢ ᠪᠤᠯᠭᠠᠵᠤ ᠪᠠᠷᠢᠮᠲᠠᠯᠠᠭᠰᠠᠨ ᠨᠢ ᠡᠪ ᠬᠠᠮᠲᠤᠴᠤᠳ ᠤᠨ ᠡᠷᠬᠢᠮ ᠳᠡᠭᠡᠳᠦ ᠵᠠᠩ ᠴᠢᠨᠠᠷ ᠢ ᠢᠯᠡᠷᠡᠭᠦᠯᠵᠦ | ᠪᠠᠶᠢᠨ᠎ᠠ᠃ ᠪᠢᠳᠡ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠵᠠᠪᠠᠯ ᠢᠯᠠᠬᠤ ᠢᠲᠡᠭᠡᠯ ᠵᠣᠷᠢᠭ ᠢ ᠪᠤᠢ ᠪᠤᠯᠭᠠᠵᠤ᠂ ᠤᠷᠪᠠᠭᠠᠨ | ᠬᠥᠷᠪᠡᠭᠡᠨ ᠲᠠᠢ᠂ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠡᠮᠦᠨ᠎ᠡ ᠤᠯᠤᠰ ᠲᠦᠷᠦ ᠶᠢᠨ ᠲᠣᠭᠲᠠᠯ ᠬᠦᠴᠦᠨ ᠢᠶᠠᠨ | ᠪᠠᠲᠤᠯᠠᠬᠤ ᠬᠡᠷᠡᠭᠲᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢᠨ ᠠᠭᠤᠤ ᠦᠢᠯᠡᠰ ᠢ | ᠴᠣᠭᠴᠠᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠤᠷᠲᠠᠯ ᠢᠶᠠᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠣᠯᠠᠨ ᠤ ᠳᠡᠮᠵᠢᠯᠭᠡ | ᠪᠠ ᠬᠦᠷᠢᠶᠡᠯᠡᠯ ᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠧᠨ ᠶᠦᠨ ᠨᠥᠬᠦᠷ ᠶᠠᠮᠠᠷ ᠬᠦᠷᠢᠶ᠎ᠡ ᠶᠢ ᠬᠠᠷᠢᠭᠤᠴᠠᠭᠰᠠᠨ ᠴᠤ ᠲᠡᠷᠡ᠂ ᠠᠯᠢ ᠤᠳᠤᠷᠢᠳᠬᠤ | ᠪᠠᠶᠢᠷᠢᠨ ᠳᠤ ᠠᠵᠢᠯᠯᠠᠭᠰᠠᠨ ᠴᠤ ᠲᠡᠷᠡ᠂ ᠴᠥᠮ ᠰᠢᠷᠭᠠᠭᠤ ᠰᠤᠷᠤᠯᠴᠠᠵᠤ᠂ ᠭᠦᠨᠵᠡᠭᠡᠢ ᠰᠤᠳᠤᠯᠵᠤ᠂ ᠵᠢᠮ᠎ᠡ ᠶᠣᠰᠣ ᠶᠢ | ᠰᠦᠪᠡᠭᠴᠢᠯᠡᠵᠦ᠂ ᠭᠤᠣᠯᠳᠠᠯᠭ᠎ᠠ ᠶᠢ ᠠᠳᠬᠤᠵᠤ᠂ ᠭᠠᠷᠮᠠᠭᠠᠢ ᠤᠳᠤᠷᠢᠳᠬᠤ ᠴᠢᠳᠠᠪᠤᠷᠢ ᠪᠠᠨ ᠢᠯᠡᠷᠡᠭᠦᠯᠵᠦ᠂ ᠤᠳᠤ | ᠪᠤᠯᠲᠠᠯ᠎ᠠ ᠴᠢᠬᠤᠯᠠ ᠠᠴᠢ ᠬᠤᠯᠪᠣᠭᠳᠠᠯ ᠪᠦᠬᠦᠢ ᠮᠠᠰᠢ ᠤᠯᠠᠨ ᠤᠳᠤᠷᠢᠳᠬᠤ ᠲᠤᠷᠰᠢᠯᠭ᠎ᠠ ᠶᠢ ᠡᠭᠦᠳᠦᠭᠰᠡᠨ ᠶᠤᠮ᠃ ᠪᠢᠳᠡ | ᠴᠧᠨ ᠶᠦᠨ ᠨᠥᠬᠦᠷ ᠤᠨ ᠪᠠᠶᠠᠯᠢᠭ ᠤᠳᠤᠷᠢᠳᠬᠤ ᠲᠤᠷᠰᠢᠯᠭ᠎ᠠ ᠶᠢ ᠰᠤᠷᠤᠯᠴᠠᠵᠤ᠂ ᠨᠠᠮ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠤᠳᠤᠷᠢᠳᠬᠤ ᠴᠢᠳᠠᠪᠤᠷᠢ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ | ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ | ᠵᠢᠷᠤᠮ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠨᠡᠩ ᠤᠯᠠᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ | ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠪᠣᠯ ᠴᠧᠨ ᠶᠦᠨ ᠨᠥᠬᠦᠷ ᠤᠨ ᠢᠯᠡ ᠲᠣᠳᠣ | ᠣᠨᠴᠠᠯᠢᠭ ᠪᠣᠯᠣᠨ᠎ᠠ᠃ ᠲᠡᠷᠡ ︽ᠳᠡᠭᠡᠳᠦ ᠱᠠᠲᠤᠨ ᠤ ᠬᠢ ᠦᠬᠦᠮᠡᠯ ᠢᠶᠠᠷ ᠦᠯᠦ ᠳᠠᠭᠠᠵᠤ᠂ ᠨᠣᠮᠯᠠᠯ ᠢ ᠦᠬᠦᠮᠡᠯ ᠢᠶᠠᠷ ᠦᠯᠦ | ᠳᠠᠭᠠᠵᠤ᠂ ᠵᠦᠪᠭᠡᠨ ᠪᠣᠳᠠᠲᠠᠢ ᠶᠢ ᠡᠷᠬᠢᠮᠯᠡᠵᠦ᠂ ᠰᠠᠨᠠᠯ ᠢᠶᠠᠨ ᠰᠣᠯᠢᠯᠴᠠᠨ᠂ ᠬᠠᠷᠢᠴᠠᠭᠤᠯᠵᠤ᠂ ᠲᠠᠭᠢᠨ ᠳᠠᠪᠲᠠᠬᠤ︾ ᠭᠡᠬᠦ | ᠪᠣᠳᠠᠰᠴᠢ ᠬᠤᠪᠢᠰᠤᠩᠭᠤᠢ ᠠᠷᠭ᠎ᠠ ᠪᠠᠷ ᠳᠦᠭᠦᠷᠦᠭᠰᠡᠨ ︽ᠠᠷᠪᠠᠨ ᠲᠠᠪᠤᠨ ᠦᠭᠡ ᠶᠢᠨ ᠲᠣᠮᠢᠶ᠎ᠠ︾ ᠶᠢ ᠪᠣᠯᠪᠠᠰᠤᠷᠠᠭᠤᠯᠤᠨ | ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ | ᠪᠠᠶᠢᠴᠠᠭᠠᠨ ᠰᠤᠳᠤᠯᠤᠯᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠤᠷᠢᠲᠠᠯ ᠪᠣᠯᠭᠠᠪᠠ᠃ ᠪᠢᠳᠡ ᠴᠧᠨ | ᠶᠦᠨ ᠨᠥᠬᠦᠷ ᠤᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯ ᠤᠨ ᠠᠷᠭ᠎ᠠ ᠶᠢ ᠰᠤᠷᠤᠯᠴᠠᠵᠤ᠂ | ᠨᠠᠮ ᠤᠨ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠪᠠᠶᠢᠳᠠᠯ ᠢ | ᠵᠥᠪ ᠢᠶᠠᠷ ᠮᠠᠭᠠᠳᠯᠠᠵᠤ᠂ ᠢᠷᠡᠭᠡᠳᠦᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠢᠯ ᠤᠨ ᠰᠢᠰᠲ᠋ᠧᠮᠲᠦ ᠴᠢᠨᠠᠷ | ᠂ ᠵᠢᠱᠢᠯᠲᠡ ᠶᠢᠨ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠠᠶᠢᠴᠠᠭᠠᠨ | ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠰᠢᠨ᠎ᠡ | ᠪᠠᠶᠢᠳᠠᠯ ᠰᠢᠨ᠎ᠡ ᠠᠰᠠᠭᠤᠳᠠᠯ ᠰᠢᠨ᠎ᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠬᠡᠷᠡᠭᠴᠡᠭᠡ᠂ | ᠤᠯᠠᠨ ᠲᠦᠮᠡᠨ ᠤ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠨᠡᠩ | ᠪᠣᠳᠠᠲᠠᠢ ᠳᠤ ᠨᠡᠶᠢᠴᠡᠭᠦᠯᠵᠦ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠴᠧᠨ ᠶᠦᠨ ᠨᠥᠬᠦᠷ ᠤᠨ ᠠᠭᠤᠤ ᠶᠡᠭᠡ᠂ ᠢᠷᠠᠭᠤ ᠠᠯᠳᠠᠷᠲᠠᠢ ᠨᠢᠭᠡ ᠨᠠᠰᠤ ᠶᠢ ᠭᠦᠨ ᠰᠡᠳᠬᠢᠯᠭᠡ ᠲᠠᠢ | ᠡᠷᠭᠢᠴᠡᠭᠦᠯᠵᠦ᠂ ᠴᠧᠨ ᠶᠦᠨ ᠨᠥᠬᠦᠷ ᠤᠨ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠥᠭᠡ ᠪᠠᠶᠢᠭᠤᠯᠤᠭᠰᠠᠨ | ᠪᠠᠯᠠᠷᠠᠰᠢ ᠦᠭᠡᠢ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ ᠨᠠᠮ ᠢᠶᠠᠷ ᠢᠶᠠᠨ ᠴᠧᠨ ᠶᠦᠨ ᠨᠥᠬᠦᠷ ᠤᠨ | ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠰᠤᠷᠲᠠᠯ ᠢ ᠰᠤᠷᠤᠯᠴᠠᠵᠤ᠂ ᠤᠳᠤᠷᠢᠳᠬᠤ ᠲᠤᠷᠰᠢᠯᠭ᠎ᠠ᠂ ᠰᠢᠨᠵᠢᠯᠡᠬᠦ ᠤᠬᠠᠭᠠᠨᠴᠢ | ᠦᠵᠡᠯ ᠰᠠᠨᠠᠭᠠᠨ ᠤ ᠠᠷᠭ᠎ᠠ ᠪᠣᠯᠣᠨ ᠠᠵᠢᠯᠯᠠᠬᠤ ᠠᠷᠭ᠎ᠠ ᠪᠠᠨ ᠪᠠᠶᠠᠯᠢᠭᠵᠢᠭᠤᠯᠬᠤ ᠬᠡᠷᠡᠭᠲᠡᠢ ᠭᠡᠵᠦ ᠤᠷᠢᠶᠠᠯᠠᠪᠠ᠃ ᠶᠠᠷᠢᠶ᠎ᠠ ᠨᠢ | ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠨᠠᠷᠢᠨ ᠨᠢᠭᠲᠠ ᠭᠦᠨ ᠭᠦᠨᠵᠡᠭᠡᠢ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠥᠭᠡᠷᠡᠴᠢᠯᠡᠯᠲᠡ ᠨᠡᠭᠡᠭᠡᠯᠲᠡ ᠶᠢ | ᠪᠠᠷᠢᠮᠲᠠᠯᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠬᠡᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ | ᠨᠠᠷᠢᠨ ᠪᠢᠴᠢᠭ ᠤᠨ ᠳᠠᠷᠤᠭ᠎ᠠ ᠸᠠᠩ ᡁᠢ ᠵᠢᠶᠦ᠋ᠨ᠂ ᠱᠠᠩᠬᠠᠢ ᠬᠤᠲᠠ ᠶᠢᠨ ᠳᠠᠷᠤᠭ᠎ᠠ ᠭᠦᠩ ᠵᠧᠩ ᠤᠷᠢᠳ ᠬᠤᠵᠢᠳ ᠦᠭᠡ | ᠬᠡᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ | ᠬᠤᠳᠠ᠂ ᠱᠠᠩᠬᠠᠢ ᠬᠤᠳᠠ ᠶᠢᠨ ᠬᠠᠷᠢᠭᠤᠴᠠᠯᠭᠠᠲᠠᠨ ᠨᠥᠬᠦᠳ᠂ ᠴᠧᠨ ᠶᠦᠨ ᠨᠥᠬᠦᠷ ᠤᠨ ᠲᠦᠷᠦᠯ ᠰᠠᠳᠤᠨ᠂ ᠤᠤᠯ ᠤᠨ | ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠵᠠᠢ᠃ |