6 ᠰᠠᠷ᠎ᠠ ᠶᠢᠨ 13 ᠤ ᠡᠳᠦᠷ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠤᠯᠠᠭᠠᠨᠴᠠᠪ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠢ ᠰᠢᠤᠸᠠᠢ ᠹᠧᠩ ᠬᠤᠷᠠᠯ ᠳᠤ | ᠣᠷᠣᠯᠴᠠᠨ ᠵᠢᠯᠣᠭᠤᠳᠴᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ᠂ ᠰᠢᠶᠠᠨ ᠤ ᠤᠳᠤᠷᠢᠳᠤᠯᠭ᠎ᠠ ᠼᠤᠤ ᠵᠢᠶᠦ᠋ᠨ᠂ ᠵᠠᠩ ᠶᠧ ᠢᠦᠶ | ᠂ ᠷᠧᠨ ᠬᠠᠶ ᠴᠢᠩ ᠵᠢᠴᠢ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠪᠥᠬᠦ ᠰᠢᠶᠠᠨ ᠤ ᠡᠯ᠎ᠡ | ᠡᠲᠡᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ | ᠯᠢ ᠰᠢᠤᠸᠠᠢ ᠹᠧᠩ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠲᠥᠯᠥᠭᠡᠯᠡᠨ ᠶᠡᠭᠡ | ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠭᠰᠡᠨ ᠪᠥᠭᠡᠳ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠠᠵᠢᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠨ | ᠲᠤᠷᠰᠢ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢᠳᠡᠪᠬᠢᠲᠡᠶ ᠪᠠᠷ ᠠᠵᠢᠯᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠳᠤ ᠦᠢᠯᠡᠴᠢᠯᠡᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠰᠢᠶᠠᠨ ᠤ ᠬᠡᠪᠴᠢᠶᠡᠨ ᠤ | ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ | ᠦᠢᠯᠡᠳᠦᠯ ᠦᠵᠡᠭᠦᠯᠪᠡ᠃ ᠡᠭᠦᠨ ᠤ ᠬᠠᠮᠲᠤ᠂ ᠯᠢ ᠰᠢᠤᠸᠠᠢ ᠹᠧᠩ ᠰᠢᠨ᠎ᠡ ᠪᠠᠶᠢᠳᠠᠯ ᠳᠣᠣᠷᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠴᠢᠭᠯᠡᠯ ᠤᠨ ᠲᠣᠭᠤᠷᠢᠨ ᠳᠤ᠂ ᠡᠷᠳᠡᠮ ᠰᠢᠨᠵᠢᠯᠡᠭᠡᠨ ᠤ | ᠰᠣᠯᠢᠯᠴᠠᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡ ᠶᠢ | ᠭᠦᠨᠵᠡᠭᠡᠶᠢᠷᠡᠭᠦᠯᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠵᠢᠯᠣᠭᠤᠳᠬᠤ ᠰᠠᠨᠠᠯ | ᠳᠤᠷᠠᠳᠴᠤ᠂ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠰ ᠤᠳᠠᠭ᠎ᠠ ᠶᠢᠨ ᠶᠡᠭᠡ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠨᠢᠭᠲᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠣᠷᠣᠨ ᠨᠤᠲᠤᠭ ᠤᠨ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ᠃ | ᠯᠢ ᠶᠠ ᠳ᠋ᠦᠩ ᠡᠩ ᠲᠡᠷᠢᠭᠦᠨ ᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ | ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠰᠢᠶᠠᠨ ᠤ ᠡᠯ᠎ᠡ ᠹᠷᠣᠨᠲ ᠲᠤ ᠰᠢᠷᠭᠠᠭᠤ | ᠠᠵᠢᠯᠯᠠᠵᠤ ᠪᠠᠶᠢᠭ᠎ᠠ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ | ᠪᠠᠶᠢᠭᠤᠯᠵᠤ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠶᠡᠬᠡᠪᠡᠷ ᠠᠬᠢᠭᠤᠯᠬᠤ ᠶᠢ ᠬᠦᠰᠡᠵᠦ | ᠪᠠᠶᠢᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤᠬᠠᠶᠢᠯᠠᠭᠰᠠᠨ ᠠᠵᠢᠯ ᠤᠨ | ᠪᠠᠶᠢᠷᠢ ᠳᠠᠭᠠᠨ ᠰᠠᠭᠤᠷᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠵᠡᠷᠭᠡ ᠲᠠᠯ᠎ᠠ ᠪᠠᠷ | ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠣᠷᠣᠯᠴᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠲᠠᠷᠢᠶᠠᠴᠢᠳ ᠢ ᠬᠠᠪᠰᠤᠷᠤᠨ ᠦᠢᠯᠡᠳᠪᠦᠷᠢᠯᠡᠯ ᠤᠨ | ᠳᠤᠮᠳᠠᠬᠢ ᠮᠡᠷᠭᠡᠵᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠬᠦᠴᠦᠲᠡᠢ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠣᠳᠣ ᠦ᠊ | ᠡᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯ ᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ | ᠪᠠᠶᠢᠭᠤᠯᠤᠯᠭ᠎ᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠢ ᠡᠷᠬᠢᠮᠯᠡᠬᠦ | ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ | ᠰᠠᠶᠢᠨ ᠰᠠᠶᠢᠬᠠᠨ ᠣᠷᠴᠢᠨ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ᠶᠡᠭᠡ ᠬᠤᠷᠠᠯ ᠠᠴᠠ ︽ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠩᠬᠠᠳᠤᠭᠠᠷ | ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠵᠤ᠂ ᠱᠠᠩᠳᠤ ᠰᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ | ᠳᠡᠳ᠋ ᠲᠡᠷᠢᠭᠦᠯᠡᠭᠴᠢ ᠪᠣᠯᠤᠨ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |