ᠶᠠᠩ ᠸᠧᠨ ᠾᠦᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠤᠤ ᠬᠠᠢ ᠽᠢ ᠪᠠᠯᠭᠠᠰᠤᠨ ᠳᠤ ᠭᠦᠨᠵᠡᠭᠡᠶᠢᠷᠡᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/6/16
  6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠤᠤ ᠬᠠᠢ ᠽᠢ ᠪᠠᠯᠭᠠᠰᠤᠨ ᠳᠤ ᠭᠦᠨᠵᠡᠭᠡᠶᠢᠷᠡᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃    ᠶᠠᠩ ᠸᠧᠨ ᠾᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠡᠭᠦᠷ ᠲᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠰᠤᠷᠤᠯᠴᠠᠯᠭ᠎ᠠ ᠬᠥᠮᠦᠵᠢᠯ ᠪᠣᠯᠤᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠢᠮᠠᠭᠲᠠ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠭᠲᠠᠭᠤᠨ ᠢᠶᠠᠷ ᠪᠣᠳᠠᠲᠠᠢ ᠠᠳᠬᠤᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠵᠠᠰᠠᠭ ᠢᠶᠠᠷ ᠡᠳ᠋ ᠢ ᠣᠯᠬᠤ᠂ ᠡᠳ᠋ ᠢᠶᠠᠷ ᠵᠠᠰᠠᠭ ᠢ ᠲᠤᠰᠠᠯᠠᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠡᠳ᠋ ᠤᠨ ᠵᠠᠰᠠᠭ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠬᠡᠯᠡᠪᠡ᠃    ᠵᠦᠩ ᠴᠧ ᠱᠠᠩᠳᠤ ᠪᠠᠯᠭᠠᠰᠤᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ 30 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠠᠩ ᠸᠧᠨ ᠾᠦᠢ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠠᠬᠢᠴᠠ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠰᠢᠶᠤᠤ ᠬᠠᠢ ᠽᠢ ᠪᠠᠯᠭᠠᠰᠤᠨ ᠤ ᠯᠢ ᠵᠢᠶᠠ ᠲᠣᠰᠬᠤᠨ ᠪᠣᠯᠤᠨ ᠷᠧᠨ ᠵᠢᠶᠠ ᠲᠣᠰᠬᠤᠨ ᠳᠤ᠂ ᠶᠠᠩ ᠸᠧᠨ ᠾᠦᠢ ᠲᠣᠰᠬᠤᠨ ᠤ ᠺᠠᠳ᠋ᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠲᠣᠰᠬᠤᠨ ᠤ ᠠᠷᠠᠳ ᠤᠨ ᠣᠷᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠭᠡᠬᠦ ᠡᠨᠡᠬᠦ ᠭᠤᠣᠯᠳᠠᠯᠭ᠎ᠠ ᠶᠢ ᠴᠢᠩᠭ᠎ᠠ ᠠᠩᠬᠠᠷᠴᠤ᠂ ᠨᠠᠷᠢᠨ ᠲᠠᠩᠰᠠ᠂ ᠶᠡᠷᠦᠩᠬᠡᠢ ᠲᠠᠩᠰᠠ ᠶᠢ ᠰᠠᠶᠢᠲᠤᠷ ᠪᠤᠳᠤᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠬᠡᠯᠡᠪᠡ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠶᠠᠩ ᠸᠧᠨ ᠾᠦᠢ ᠪᠠᠰᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠪᠠᠭ ᠤᠨ ᠪᠦᠷᠢᠯᠳᠦᠬᠦᠨ ᠲᠠᠢ ᠶᠠᠷᠢᠯᠴᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ ᠵᠡᠷᠭᠡ ᠲᠥᠪ ᠪᠤᠰᠤ ᠰᠤᠷᠲᠠᠯ ᠢ ᠡᠷᠡᠰ ᠬᠤᠷᠢᠭᠯᠠᠵᠤ᠂ ᠰᠡᠳᠬᠢᠯ ᠳᠡᠭᠡᠨ ᠡᠮᠢᠶᠡᠯ ᠲᠠᠢ᠂ ᠦᠭᠡ ᠬᠡᠯᠡᠬᠦ ᠳᠡᠭᠡᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠶᠠ ᠳ᠋ᠦᠩ᠂ ᠴᠧᠨ ᠶᠠ ᠮᠢᠩ ᠣᠷᠣᠯᠴᠠᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2