6 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ | ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠬᠢᠵᠦ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠵᠢᠴᠢ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠰᠢᠶᠠᠨ ᠤ | ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠬᠤᠷᠠᠯ ᠡᠷᠭᠢᠯᠡᠭᠰᠡᠨ ᠪᠥᠭᠡᠳ ᠬᠤᠷᠠᠯ ᠳᠤ ᠣᠷᠣᠯᠴᠠᠭᠰᠠᠨ ᠪᠥᠬᠦ | ᠨᠥᠬᠦᠳ ᠲᠠᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠢᠩᠭ᠎ᠠ ᠴᠠᠭᠠᠵᠠᠯᠠᠬᠤ ᠠᠰᠠᠭᠤᠳᠠᠯ ᠤᠨ ᠲᠤᠬᠠᠶ | ᠬᠠᠮᠲᠤ ᠪᠠᠷ ᠶᠠᠷᠢᠯᠴᠠᠪᠠ᠃ | ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠢᠨᠵᠢ ᠴᠢᠨᠠᠷ | ᠂ ᠬᠤᠤᠷ ᠬᠥᠨᠥᠭᠡᠯ᠂ ᠪᠦᠲᠦᠭᠰᠡᠨ ᠰᠢᠯᠲᠠᠭᠠᠨ ᠤ ᠲᠤᠬᠠᠶ ᠲᠠᠨᠢᠯᠲᠠ ᠰᠣᠯᠢᠯᠴᠠᠭᠠᠨ ᠤ ᠶᠠᠷᠢᠶ᠎ᠠ ᠲᠠᠯᠪᠢᠪᠠ᠃ | ᠶᠠᠩ ᠸᠧᠨ ᠾᠦᠢ᠂ ᠡᠯ᠎ᠡ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠪᠣᠯᠤᠨ ᠡᠯ᠎ᠡ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠪᠡᠶ᠎ᠡ ᠪᠠᠨ ᠴᠢᠩᠭ᠎ᠠ ᠱᠠᠭᠠᠷᠳᠠᠵᠤ᠂ ᠰᠠᠬᠢᠯᠭ᠎ᠠ | ᠪᠠᠲᠤ ᠶᠢᠨ ᠬᠥᠪᠴᠢ ᠶᠢ ᠢᠮᠠᠭᠲᠠ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ | ᠰᠤᠷᠲᠠᠯ ᠢ ᠡᠷᠡᠰ ᠬᠤᠷᠢᠭᠯᠠᠵᠤ᠂ ᠲᠥᠪ ᠭᠤᠣᠯᠴᠢ ᠪᠠᠷ ᠠᠯᠪᠠᠨ ᠶᠠᠪᠤᠳᠠᠯ ᠭᠦᠢᠴᠡᠳᠬᠡᠬᠦ ᠳᠠᠶᠢᠯᠠᠯᠭ᠎ᠠ ᠳᠤ | ᠣᠷᠣᠯᠴᠠᠬᠤ ᠦᠭᠡᠢ ᠪᠠᠶᠢᠵᠤ᠂ ᠪᠠᠶᠠᠷ ᠤᠨ ᠡᠳᠦᠷ᠂ ᠠᠯᠪᠠᠨ ᠶᠠᠪᠤᠳᠠᠯ ᠤᠨ ᠨᠡᠷ᠎ᠡ ᠪᠠᠷ ᠲᠣᠭᠲᠠᠭᠠᠯ ᠢ ᠵᠥᠷᠢᠴᠡᠨ | ᠬᠠᠮᠲᠤ ᠬᠤᠭᠤᠯᠠᠯᠠᠬᠤ ᠦᠭᠡᠢ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢᠶᠠᠷ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ ᠭᠡᠵᠦ ᠬᠡᠯᠡᠪᠡ᠃ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ︽ᠣᠳᠣᠬᠠᠨ ᠳᠤ ᠥᠭᠡᠷᠡᠴᠢᠯᠡᠬᠦ︾ ᠪᠠ | ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠯᠠᠷᠬᠠᠢ ᠲᠠᠨᠢᠯᠲᠠ᠂ | ᠪᠣᠭᠤᠮᠲᠠ ᠳᠠᠪᠠᠭ᠋ᠤ ᠦᠵᠡᠯ ᠰᠠᠨᠠᠭ᠎ᠠ ᠶᠢ ᠲᠡᠪᠴᠢᠵᠦ᠂ ᠰᠤᠷᠲᠠᠯ ᠢᠯᠵᠠᠷᠠᠯ ᠤᠨ ᠬᠠᠮᠲᠤ ᠪᠠᠶᠢᠴᠠᠭᠠᠵᠤ ᠵᠡᠷᠭᠡᠪᠡᠷ | ᠵᠠᠰᠠᠬᠤ ᠲᠦᠷᠢᠮ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠳᠤᠲᠠᠭᠤᠳᠠᠯ ᠪᠠ | ᠳᠤᠲᠠᠭᠳᠠᠯ ᠢᠶᠠᠨ ᠨᠥᠬᠦᠪᠥᠷᠢᠯᠡᠵᠦ᠂ ᠳᠠᠯᠳᠠ ᠬᠤᠪᠢᠷᠠᠯᠲᠠ ᠭᠠᠷᠬᠤ᠂ ᠲᠠᠬᠢᠨ ᠢᠯᠡᠷᠡᠬᠦ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ᠬᠠᠷᠢᠶᠠᠯᠠᠯ ᠢ ᠴᠢᠩᠭ᠎ᠠ ᠬᠠᠮᠢᠶᠠᠷᠴᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠤᠨ ᠲᠤᠰ | ᠰᠢᠰᠲ᠋ᠧᠮ᠂ ᠲᠤᠰ ᠨᠢᠭᠡᠴᠡ ᠶᠢᠨ ᠢᠶᠠᠨ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ | ᠴᠢᠩᠭᠠᠳᠬᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠥᠷᠨᠢᠭᠦᠯᠵᠦ᠂ | ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠤ᠂ ᠬᠠᠲᠠᠭᠤ ᠴᠢᠩᠭ᠎ᠠ ᠰᠤᠷᠲᠠᠯ ᠢᠶᠠᠷ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠪᠦᠷᠢᠯᠳᠦᠬᠦᠨ᠂ ᠪᠦᠬᠦ | ᠰᠢᠶᠠᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |