ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 16 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠠ ᠨᠠᠶᠢᠷᠠᠮᠳᠠᠬᠤ | ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠬᠤᠶᠠᠳᠤᠭᠠᠷ ᠬᠤᠭᠤᠴᠠᠭᠠᠨ ᠤ ᠳᠤᠮᠳᠠᠳᠤ | ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ | ᠠᠰᠲ᠋ᠠᠨᠠ ᠳᠤ ᠭᠦᠷᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠳᠤ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ | ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ | ᠣᠷᠤᠯᠴᠠᠬᠤ ᠪᠠᠷ ᠲᠤᠰᠬᠠᠢ ᠨᠢᠰᠬᠡᠯ ᠢᠶᠠᠷ ᠠᠰᠲ᠋ᠠᠨᠠ ᠳᠤ ᠭᠦᠷᠪᠡ᠃ ᠵᠢᠷᠤᠭ ᠪᠣᠯ ᠰᠢ ᠶᠢᠨ ᠫᠢᠩ ᠤᠭᠲᠤᠬᠤ ᠪᠠᠷ ᠢᠷᠡᠭᠰᠡᠨ | ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠺᠠᠽᠠᠬᠰᠲ᠋ᠠᠨ ᠤ ᠬᠠᠷᠢᠶ᠎ᠠ ᠠᠭᠠᠷ ᠲᠤ ᠣᠷᠣᠭᠰᠠᠨ ᠤ | ᠳᠠᠷᠠᠭ᠎ᠠ᠂ ᠺᠠᠽᠠᠬᠰᠲ᠋ᠠᠨ ᠤ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠶᠠᠯᠠᠯ ᠢ ᠬᠠᠮᠠᠭᠠᠯᠠᠪᠠ᠃ | ᠰᠢ ᠶᠢᠨ ᠫᠢᠩ ᠠᠰᠲ᠋ᠠᠨᠠ ᠶᠢᠨ ᠨᠠᠽᠠᠷᠪᠠᠶᠧᠹ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ | ᠦᠶ᠎ᠡ ᠳᠤ᠂ ᠶᠡᠷᠦᠩᠬᠡᠶᠢᠯᠡᠭᠴᠢ ᠲᠦᠸᠧᠺᠠᠶᠧᠹ ᠶᠡᠷᠦᠩᠬᠡᠶᠢᠯᠡᠭᠴᠢ ᠶᠢᠨ ᠠᠯᠪᠠᠨ ᠲᠢᠩᠬᠢᠮ ᠤᠨ ᠡᠷᠭᠢᠯᠡᠭᠴᠢ ᠳ᠋ᠠᠵᠢᠶᠤᠪᠠᠢ᠂ | ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠧᠯᠢᠶᠤ᠊ ᠆ ᠦ᠋᠂ | ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠦ᠋ᠪᠢᠶᠧᠺ | ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠪᠠ᠃ ᠭᠤᠶᠣ ᠰᠠᠶᠢᠬᠠᠨ | ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤᠴᠤᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠶᠣᠰᠣᠯᠠᠯ ᠤᠨ | ᠴᠡᠷᠢᠭ ᠬᠥᠬᠡ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠵᠤ᠂ ᠺᠠᠽᠠᠬᠰᠲ᠋ᠠᠨ ᠤ ᠪᠠᠭᠠᠴᠤᠳ ᠬᠡᠦᠬᠡᠳ ᠳᠤᠮᠳᠠᠳᠤ | ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠨ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ | ᠬᠠᠯᠠᠭᠤᠨ ᠢᠶᠠᠷ ᠤᠭᠲᠤᠪᠠ᠃ ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢᠨ | ᠵᠢᠭᠰᠠᠭᠠᠯ ᠢ ᠰᠣᠨᠢᠷᠬᠠᠵᠤ᠂ ᠡᠭᠴᠡ ᠨᠢᠰᠬᠡᠯ ᠳᠤᠮᠳᠠᠳᠤ ᠺᠠᠽᠠᠬᠰᠲ᠋ᠠᠨ ᠤ ᠤᠯᠤᠰ ᠤᠨ ᠲᠤᠭ ᠢ ᠡᠯᠭᠦᠵᠦ ᠨᠢᠰᠬᠡᠯ ᠤᠨ | ᠪᠠᠭᠤᠳᠠᠯ ᠤᠨ ᠳᠡᠭᠡᠭᠦᠷ ᠨᠢᠰᠦᠨ ᠥᠩᠭᠡᠷᠡᠪᠡ᠃ ᠨᠢᠰᠬᠡᠯ ᠤᠨ ᠪᠠᠭᠤᠳᠠᠯ ᠤᠨ ᠬᠦᠨᠳᠦᠲᠦ ᠵᠣᠴᠢᠳ ᠤᠨ ᠠᠰᠠᠷ ᠲᠤ᠂ ᠬᠤᠶᠠᠷ | ᠤᠯᠤᠰ ᠤᠨ ᠲᠡᠷᠢᠭᠦᠨ ᠪᠠᠰᠠ ᠺᠠᠽᠠᠬᠰᠲ᠋ᠠᠨ ᠤ ᠪᠠᠭᠠᠴᠤᠳ ᠬᠡᠦᠬᠡᠳ ᠤᠨ ᠤᠷᠠᠨ ᠰᠠᠶᠢᠬᠠᠨ ᠤ ᠲᠣᠬᠯᠠᠯᠲᠠ ᠶᠢ ᠬᠠᠮᠲᠤ ᠪᠠᠷ | ᠰᠣᠨᠢᠷᠬᠠᠪᠠ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠺᠠᠽᠠᠬᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠬᠠᠨ ᠴᠦᠨ ᠯᠢᠨ ᠪᠠᠰᠠ ᠨᠢᠰᠬᠡᠯ ᠤᠨ | ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠵᠣᠴᠢᠳ ᠤᠨ ᠪᠠᠭᠤᠳᠠᠯ ᠳᠠᠭᠠᠨ ᠬᠦᠷᠬᠦ | ᠵᠠᠮ ᠵᠠᠭᠤᠷ᠎ᠠ᠂ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ | ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠲᠠᠯ᠎ᠠ ᠪᠠᠷ ᠴᠤᠭᠯᠠᠷᠠᠵᠤ᠂ ︽ᠲᠡᠷᠢᠭᠦᠯᠡᠭᠴᠢ ᠰᠢ ᠶᠢᠨ ᠫᠢᠩ ᠢ | ᠬᠠᠯᠠᠭᠤᠨ ᠢᠶᠠᠷ ᠤᠭᠲᠤᠶ᠎ᠠ︕︾᠂ ︽ᠳᠤᠮᠳᠠᠳᠤ ᠺᠠᠽᠠᠬᠰᠲ᠋ᠠᠨ ᠤ ᠨᠥᠬᠦᠷᠯᠡᠯ ᠥᠨᠢ ᠮᠥᠩᠬᠡ︕︾ ᠵᠡᠷᠭᠡ ᠤᠯᠠᠭᠠᠨ | ᠥᠩᠭᠡᠲᠡᠢ ᠬᠥᠨᠳᠡᠯᠡᠨ ᠪᠢᠴᠢᠭᠡᠰᠦ ᠶᠢ ᠡᠷᠭᠦᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ | ᠃ |