ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ | ᠬᠡᠯᠡᠯᠴᠡᠭᠡ ᠬᠢᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ | ᠪᠠᠶᠢᠳᠠᠯ ᠤᠨ ᠰᠢᠯᠭᠠᠯᠲᠠ ᠶᠢ ᠲᠤᠭᠤᠯᠵᠤ᠂ ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠭᠠᠷ | ᠢᠷᠡᠵᠠᠢ᠂ ᠡᠨᠡ ᠨᠢ ᠠᠭᠤᠯᠠ ᠤᠰᠤ ᠪᠠᠷ ᠢᠶᠠᠨ ᠵᠠᠯᠭᠠᠯᠳᠤᠭᠰᠠᠨ ᠭᠠᠵᠠᠷ ᠣᠷᠣᠨ ᠤ ᠳᠠᠪᠠᠭᠤᠯᠢᠭ ᠪᠣᠯᠣᠨ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠭᠰᠠᠨ ᠲᠡᠦᠬᠡ ᠶᠢᠨ ᠤᠯᠠᠮᠵᠢᠯᠠᠯ ᠠᠴᠠ ᠪᠣᠯᠤᠭᠰᠠᠨ ᠶᠤᠮ᠂ ᠪᠠᠰᠠ ᠴᠤ ᠬᠤᠶᠠᠷ ᠤᠯᠤᠰ ᠤᠨ | ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠣᠶᠢᠷ᠎ᠠ ᠶᠢᠨ ᠵᠢᠯ ᠠᠴᠠ᠂ ᠪᠢᠳᠡᠨ ᠤ | ᠬᠠᠮᠲᠤ ᠶᠢᠨ ᠵᠢᠷᠤᠭ ᠲᠥᠯᠥᠪᠯᠡᠭᠡ ᠳᠣᠣᠷ᠎ᠠ᠂ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠶᠠᠰᠤ ᠴᠢᠨᠠᠷ ᠨᠡᠩ ᠭᠦᠢᠴᠡᠳ᠂ ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ ᠪᠣᠳᠠᠲᠠᠢ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠤᠶᠠᠷ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ | ᠲᠥᠷᠥᠭᠳᠡᠯ ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ | ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ | ᠺᠠᠽᠠᠬᠰᠲ᠋ᠠᠨ ᠤ ᠬᠢᠨ ᠲᠠᠢ ᠬᠠᠮᠲᠤ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ | ᠳᠤᠮᠳᠠᠳᠤ ᠺᠠᠽᠠᠬᠰᠲ᠋ᠠᠨ ᠤ ᠬᠠᠷᠢᠯᠴᠠᠭᠠᠨ ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠢᠶᠠᠷ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ | ᠲᠡᠷᠢᠭᠦᠨ ᠬᠤᠶᠠᠷ ᠲᠠᠯ᠎ᠠ ᠪᠠᠷ ᠢᠶᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ | ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ ᠵᠢᠷᠤᠭ ᠪᠣᠯ ᠰᠢ ᠶᠢᠨ ᠫᠢᠩ ᠲᠦᠸᠧᠺᠠᠶᠧᠹ ᠲᠠᠢ ᠭᠠᠷ ᠠᠳᠬᠤᠵᠤ ᠪᠠᠶᠢᠭ᠎ᠠ ᠨᠢ | ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ ᠤᠨ ᠢᠶᠠᠨ ᠬᠥᠭᠵᠢᠯ ᠮᠠᠨᠳᠤᠯ ᠤᠨ | ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ ᠬᠤᠶᠠᠷ ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠨᠢᠭᠡ ᠳᠤ᠂ ᠥᠨᠳᠥᠷ ᠲᠦᠪᠰᠢᠨ ᠪᠦᠬᠦᠢ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠬᠥᠲᠥᠯᠥᠨ | ᠳᠠᠭᠠᠭᠤᠯᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠵᠦ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠᠨ ᠵᠣᠯᠭᠠᠭᠤᠯᠬᠤ ᠶᠢ ᠠᠬᠢᠭᠤᠯᠵᠤ᠂ ᠤᠷᠪᠠᠭᠠᠨ ᠬᠥᠷᠪᠡᠭᠡᠨ ᠤ ᠳᠤᠮᠳᠠ ᠲᠤᠰ ᠲᠤᠰ ᠤᠨ ᠢᠶᠠᠨ ᠪᠠᠲᠤ ᠴᠢᠩᠭ᠎ᠠ | ᠥᠮᠥᠭ ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ᠃ | ᠬᠤᠶᠠᠷ ᠲᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠬᠤᠶᠠᠷ ᠤᠯᠤᠰ ᠤᠨ | ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠷᠠᠯᠵᠢᠶ᠎ᠠ᠂ ᠪᠡᠯᠡ | ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭᠠᠨ ᠤ ᠳᠠᠪᠠᠭᠤᠯᠢᠭ ᠢᠶᠠᠨ ᠪᠠᠬᠢᠵᠢᠭᠦᠯᠵᠦ᠂ ᠬᠢᠯᠢ | ᠠᠯᠤᠰᠯᠠᠭᠰᠠᠨ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠢᠯᠢ ᠶᠢᠨ ᠪᠣᠭᠤᠮᠲᠠ ᠶᠢᠨ | ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ | ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠪᠣᠬᠢᠷᠳᠤᠯ ᠦᠭᠡᠢ ᠦᠷᠭᠦᠯᠵᠢᠯᠡᠬᠦ | ᠬᠥᠭᠵᠢᠯᠲᠡ ᠶᠢ ᠠᠬᠢᠭᠤᠯᠤᠶ᠎ᠠ᠃ ᠭᠤᠷᠪᠠ ᠳᠤ᠂ ᠪᠦᠭᠦ ᠲᠠᠯ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠷ ᠬᠤᠶᠠᠷ | ᠤᠯᠤᠰ ᠤᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ | ᠰᠡᠷᠭᠡᠶᠢᠯᠡᠯᠲᠡ ᠶᠢᠨ ᠠᠵᠢᠯ ᠤᠨ ᠰᠣᠯᠢᠯᠴᠠᠭ᠎ᠠ ᠪᠠᠨ ᠥᠷᠭᠡᠳᠬᠡᠵᠦ᠂ ︽ᠭᠤᠷᠪᠠᠨ ᠵᠦᠢᠯ ᠤᠨ ᠬᠦᠴᠦᠨ︾ ᠳᠤ ᠬᠠᠮᠲᠤ ᠪᠠᠷ | ᠴᠣᠬᠢᠯᠲᠠ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠥᠷᠪᠡ ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠰᠠᠭᠤᠷᠢ ᠶᠢ ᠪᠠᠬᠢᠵᠢᠭᠦᠯᠵᠦ᠂ ᠺᠠᠽᠠᠬᠰᠲ᠋ᠠᠨ ᠤ ︽ᠳᠤᠮᠳᠠᠳᠤ | ᠤᠯᠤᠰ ᠤᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠵᠤ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ᠂ | ᠣᠷᠣᠨ ᠨᠤᠲᠤᠭ ᠤᠨ ᠬᠢᠨ ᠤ ᠰᠣᠯᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠺᠠᠽᠠᠬᠰᠲ᠋ᠠᠨ | ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ | ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠥᠷᠭᠡᠨ | ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠺᠠᠽᠠᠬᠰᠲ᠋ᠠᠨ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠶᠡᠭᠡ ᠬᠡᠮᠵᠢᠶᠡᠨ ᠤ | ᠪᠡᠯᠡᠳᠬᠡᠯ ᠠᠵᠢᠯ ᠬᠢᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ ᠡᠨᠡ ᠤᠳᠠᠭ᠎ᠠ ᠶᠢᠨ | ᠬᠤᠷᠠᠯ ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ | ᠢᠲᠡᠭᠡᠵᠦ ᠪᠠᠶᠢᠨ᠎ᠠ᠃ ᠡᠭᠦᠨ ᠤ ᠬᠠᠮᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ | ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ ᠲᠠᠢ | ᠬᠠᠮᠲᠤ ᠪᠠᠷ᠂ ᠡᠨᠡ ᠵᠢᠯ ᠤᠨ ᠲᠢᠶᠠᠨᠵᠢᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ | ᠰᠢᠪᠲᠤᠯᠤᠯᠲᠠ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃ | ᠲᠦᠸᠧᠺᠠᠶᠧᠹ᠂ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ ᠳᠣᠲᠣᠨᠣ ᠨᠠᠶᠢᠵᠠ ᠪᠠ | ᠨᠠᠶᠢᠳᠠᠪᠤᠷᠢᠲᠠᠢ ᠬᠠᠨᠢᠲᠠᠨ ᠮᠥᠨ᠃ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ ᠳᠤ ᠣᠷᠣᠵᠤ᠂ ᠬᠤᠶᠠᠷ ᠤᠯᠤᠰ ᠤᠨ | ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠶᠢᠨ ᠠᠷᠠᠳ | ᠲᠦᠮᠡᠨ ᠳᠤ ᠪᠤᠶᠠᠨ ᠦᠢᠯᠡᠳᠴᠦ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ | ᠪᠣᠯᠵᠠᠢ᠃ ᠺᠠᠽᠠᠬᠰᠲ᠋ᠠᠨ ᠳᠤᠮᠳᠠᠳᠤ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩᠭ᠎ᠠ ᠤᠯᠤᠰ ᠲᠦᠷᠦ ᠶᠢᠨ ᠬᠦᠰᠡᠯ ᠲᠠᠢ ᠶᠤᠮ | ᠂ ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ | ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ | ᠦᠭᠡᠢ ᠶᠤᠮ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠣᠯᠪᠠ᠂ ᠡᠭᠦᠨ ᠳᠤ | ᠺᠠᠽᠠᠬᠰᠲ᠋ᠠᠨ ᠤ ᠬᠢᠨ ᠴᠢᠩ ᠰᠡᠳᠬᠢᠯ ᠠᠴᠠ ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠭᠡ | ᠬᠥᠭᠵᠢᠯᠲᠡ ᠶᠢᠨ ᠠᠮᠵᠢᠯᠲᠠ ᠣᠯᠬᠤ ᠶᠢ ᠪᠠᠲᠤ ᠢᠲᠡᠭᠡᠵᠦ ᠪᠠᠶᠢᠨ᠎ᠠ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠣᠯᠣᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠨ᠎ᠡ᠃ | ᠬᠤᠶᠠᠷ ᠤᠯᠤᠰ ᠢᠶᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ | ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ | ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠤᠶ᠎ᠠ᠃ ᠺᠠᠽᠠᠬᠰᠲ᠋ᠠᠨ ᠤ ᠬᠢᠨ ᠳᠤᠮᠳᠠᠳᠤ | ᠤᠯᠤᠰ ᠤᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠭᠦᠷᠭᠡᠯᠡᠯ ᠴᠢᠷᠮᠠᠶᠢᠯᠭ᠎ᠠ ᠶᠢ ᠳᠡᠭᠡᠳᠦ | ᠬᠡᠮᠵᠢᠶ᠎ᠡ ᠪᠠᠷ ᠦᠨᠡᠯᠡᠬᠦ ᠶᠢᠨ ᠵᠡᠷᠭᠡ ᠪᠠᠷ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ | ᠤᠯᠤᠰ ᠤᠳ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ᠂ ᠠᠽᠢᠶ᠎ᠠ ᠲᠢᠪ ᠤᠨ ᠬᠠᠷᠢᠯᠴᠠᠨ | ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ ᠳᠤ ᠦᠷᠭᠦᠯᠵᠢᠯᠡᠨ | ᠨᠢᠭᠲᠠ ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ | ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ᠂ | ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ | ᠬᠦᠷᠢᠶ᠎ᠡ ᠶᠢ ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ | ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |