ᠴᠢᠦ ᠵᠢᠶᠦ᠋ᠨ ᠵᠢᠶᠧ ᠥᠪᠥᠷ ᠮᠣᠩᠭᠤᠯ ᠤᠨ ᠶᠠᠩ ᠰᠢᠶᠤᠤ ᠯᠢᠦ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠥ᠋ ᠶᠦᠩ ᠬᠤᠩ ᠨᠠᠷ ᠲᠠᠢ ᠠᠵᠢᠯ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/6/18
  6 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠥᠪᠥᠷ ᠮᠣᠩᠭᠤᠯ ᠤᠨ ᠶᠠᠩ ᠰᠢᠶᠤᠤ ᠯᠢᠦ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦ᠋ ᠶᠦᠩ ᠬᠤᠩ ᠨᠠᠷ ᠠᠵᠢᠯ ᠤᠨ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ᠂ ᠤᠨᠴᠠᠯᠢᠬᠳᠤ ᠲᠦᠷᠦᠯ ᠲᠡᠮᠳᠡᠭ ᠢ ᠡᠭᠦᠳᠬᠦ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃    ᠬᠥ᠋ ᠶᠦᠩ ᠬᠤᠩ ᠥᠪᠥᠷ ᠮᠣᠩᠭᠤᠯ ᠤᠨ ᠶᠠᠩ ᠰᠢᠶᠤᠤ ᠯᠢᠦ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠭᠤᠤᠯ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ ᠵᠢᠴᠢ ᠮᠡᠷᠭᠡᠵᠢᠯ ᠤᠨ ᠳᠠᠪᠠᠭᠤᠯᠢᠭ ᠢ ᠨᠠᠷᠢᠨ ᠲᠠᠨᠢᠯᠴᠠᠭᠤᠯᠪᠠ᠃ ᠱᠠᠩᠳᠤ ᠰᠢᠶᠠᠨ ᠤ ᠡᠬᠢ ᠪᠠᠶᠠᠯᠢᠭ ᠲᠠᠢ ᠭᠦᠨᠵᠡᠭᠡᠶ ᠠᠭᠤᠰᠤᠯᠴᠠᠵᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠤᠨᠢᠨ ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃    ᠴᠢᠦ ᠵᠢᠶᠦ᠋ᠨ ᠵᠢᠶᠧ ᠭᠦ᠋ ᠶᠦᠩ ᠬᠤᠩ ᠨᠠᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠱᠠᠩᠳᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ᠂ ᠡᠪᠡᠰᠦ ᠪᠣᠷᠳᠤᠭ᠎ᠠ ᠶᠢᠨ ᠬᠠᠩᠭᠠᠯᠭ᠎ᠠ ᠭᠦᠢᠴᠡᠳ ᠪᠠᠶᠢᠵᠤ᠂ ᠲᠡᠵᠢᠭᠡᠨ ᠦᠷᠡᠵᠢᠭᠦᠯᠬᠦ ᠤᠯᠠᠮᠵᠢᠯᠠᠯ ᠭᠦᠨ ᠵᠤᠵᠠᠭᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠰᠠᠶᠢᠨ ᠰᠠᠶᠢᠬᠠᠨ ᠰᠠᠭᠤᠷᠢ ᠲᠠᠢ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ ᠴᠢᠳᠠᠬᠤ ᠪᠠᠷ ᠪᠠᠷᠠᠬᠤ ᠥᠬᠡᠶ ᠪᠠᠰᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠪᠠ ᠠᠵᠢᠯ ᠣᠯᠭᠤᠯᠲᠠ ᠶᠢ ᠪᠦᠲᠦᠮᠵᠢᠲᠡᠶ ᠠᠬᠢᠭᠤᠯᠵᠤ ᠴᠢᠳᠠᠨ᠎ᠠ᠃ ᠱᠠᠩᠳᠤ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠷ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠨ᠎ᠠ᠃    ᠵᠠᠩ ᠰᠢᠨ ᠭᠦᠸᠧ᠂ ᠵᠠᠩ ᠶᠧ ᠢᠦᠢ ᠶᠠᠷᠢᠯᠴᠠᠬᠤ ᠬᠤᠷᠠᠯ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2