ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 ᠳ᠋ᠤᠭᠠᠷ ᠤᠳᠠᠭᠠᠨ ᠤ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/18
    6 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 ᠳ᠋ᠤᠭᠠᠷ ᠤᠳᠠᠭᠠᠨ ᠤ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠰᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠢᠩᠭ᠎ᠠ ᠴᠠᠭᠠᠵᠠᠯᠠᠬᠤ ᠲᠤᠬᠠᠶ ᠬᠠᠮᠲᠤ ᠪᠠᠷ ᠶᠠᠷᠢᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠷᠳᠤ ᠬᠤᠭᠤᠴᠠᠭ᠎ᠠ ᠪᠠᠷ ᠲᠥᠯᠥᠪᠵᠢᠭᠦᠯᠦᠨ ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ‍ ᠨᠢᠭᠡ ᠵᠦᠢᠯ ᠤᠨ ᠴᠢᠬᠤᠯᠠ ᠠᠷᠭ᠎ᠠ ᠬᠡᠯᠪᠡᠷᠢ ᠮᠥᠨ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠳᠤᠨ ᠤ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠰᠢᠨᠵᠢ ᠴᠢᠨᠠᠷ᠂ ᠬᠤᠤᠷ ᠬᠥᠨᠥᠭᠡᠯ᠂ ᠪᠦᠲᠦᠭᠰᠡᠨ ᠰᠢᠯᠲᠠᠭᠠᠨ ᠤ ᠲᠤᠬᠠᠶ ᠲᠠᠨᠢᠯᠲᠠ ᠰᠣᠯᠢᠯᠴᠠᠭᠠᠨ ᠤ ᠶᠠᠷᠢᠶ᠎ᠠ ᠲᠠᠯᠪᠢᠪᠠ᠃    ᠬᠤᠷᠠᠯ ᠠᠴᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠰᠠᠬᠢᠵᠤ᠂ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠲᠦᠷᠢᠮ ᠤᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠬᠦ ᠬᠡᠷᠡᠭᠲᠡᠢ︔ ᠥᠪᠡᠷ ᠤᠨ ᠪᠡᠶ᠎ᠡ ᠶᠢᠨ ᠭᠠᠷᠤᠯ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠠᠵᠢᠯ ᠪᠣᠯᠤᠨ ᠠᠮᠢᠳᠤᠷᠠᠯ ᠤᠨ ᠳᠤᠮᠳᠠ ᠪᠠᠨ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠰᠡᠳᠬᠢᠯ ᠳᠡᠭᠡᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠬᠡᠷᠡᠭᠲᠡᠢ᠃ ᠡᠭᠦᠨ ᠤ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠬᠥᠳᠡᠯᠭᠡᠬᠦ ᠬᠦᠴᠦᠨ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2