6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠬᠢᠨᠠᠨ ᠪᠤᠳᠤᠬᠤ ᠲᠤᠪᠴᠢᠶ᠎ᠠ᠂ ᠥᠪᠥᠷ ᠮᠣᠩᠭᠤᠯ ᠤᠨ ᠰᠢ ᠰᠧᠨ ᠲᠥᠮᠥᠰᠥ ᠶᠢᠨ ᠦᠷ᠎ᠡ ᠶᠢᠨ | ᠦᠢᠯᠡᠰ ᠤᠨ ᠺᠣᠮᠫᠠᠨᠢ ᠳᠤ ᠬᠦᠷᠴᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠭᠰᠠᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠵᠢᠴᠢ ᠲᠥᠮᠥᠰᠥ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠴᠢ ᠲᠠᠢ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠲᠤᠰᠬᠠᠢ ᠰᠡᠳᠦᠪᠲᠦ ᠨᠠᠮ ᠤᠨ ᠬᠢᠴᠢᠶᠡᠯ ᠢ ᠲᠠᠶᠢᠯᠪᠤᠷᠢᠯᠠᠪᠠ᠃ | ᠴᠢᠦ ᠵᠢᠶᠦ᠋ᠨ ᠵᠢᠶᠧ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠡᠯᠡᠭᠰᠡᠨ ᠨᠢ᠂ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠪᠣᠯ ᠡᠯ᠎ᠡ ᠵᠦᠢᠯ ᠤᠨ ᠠᠵᠢᠯ ᠤᠨ ᠦᠨᠳᠦᠰᠦᠨ ᠪᠠᠲᠤᠯᠠᠭ᠎ᠠ ᠮᠥᠨ᠂ ᠬᠢᠨᠠᠨ ᠪᠤᠳᠤᠬᠤ ᠲᠣᠪᠴᠢᠶ᠎ᠠ ᠴᠢᠩᠭ᠎ᠠ | ᠪᠠᠷᠢᠮᠵᠢᠶ᠎ᠠ ᠪᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠶᠠᠨ ᠤ ᠬᠡᠪᠴᠢᠶᠡᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠢᠨᠠᠨ ᠪᠤᠳᠤᠵᠤ ᠬᠢᠨᠠᠯᠲᠠ ᠲᠠᠯᠪᠢᠬᠤ ︽ᠰᠡᠷᠭᠡᠶᠢᠯᠡᠯᠲᠡ ᠶᠢᠨ | ᠬᠡᠷᠡᠮ︾ ᠢ ᠪᠠᠲᠤ ᠴᠣᠭᠴᠠᠯᠠᠬᠤ ᠬᠡᠷᠡᠭᠲᠡᠢ᠃ ᠰᠢ ᠰᠧᠨ ᠲᠥᠮᠥᠰᠥ ᠶᠢᠨ ᠦᠷ᠎ᠡ ᠶᠢᠨ ᠦᠢᠯᠡᠰ ᠤᠨ ᠺᠣᠮᠫᠠᠨᠢ ᠨᠢ | ᠨᠠᠮ ᠤᠨ ᠪᠠᠶᠢᠭᠤᠯᠤᠯᠲᠠ ᠶᠢ ᠠᠵᠤ ᠦᠢᠯᠡᠰ ᠲᠠᠢ ᠭᠦᠨᠵᠡᠭᠡᠢ ᠠᠭᠤᠰᠤᠯᠴᠠᠭᠤᠯᠵᠤ᠂ ᠰᠢᠯᠢᠳᠡᠭ ᠰᠤᠷᠲᠠᠯ ᠢᠶᠠᠷ | ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠲᠥᠮᠥᠰᠥ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ | ᠲᠤᠰᠬᠠᠶ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠴᠢᠦ ᠵᠢᠶᠦ᠋ᠨ ᠵᠢᠶᠧ ︽ᠲᠥᠪ ᠤᠨ ᠨᠠᠢᠮᠠᠨ | ᠲᠣᠭᠲᠠᠭᠠᠯ ᠤᠨ ᠴᠢᠬᠤᠯᠠ ᠠᠴᠢ ᠬᠤᠯᠪᠣᠭᠳᠠᠯ ᠬᠢᠭᠡᠳ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠲᠠᠨᠢᠵᠤ᠂ | ᠲᠥᠪ ᠤᠨ ᠨᠠᠢᠮᠠᠨ ᠲᠣᠭᠲᠠᠭᠠᠯ ᠤᠨ ᠭᠤᠤᠯ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠥᠪ ᠤᠨ ᠨᠠᠢᠮᠠᠨ | ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠥᠬᠦᠷᠡᠰᠢ ᠥᠬᠡᠶ ᠠᠬᠢᠭᠤᠯᠬᠤ | ︾ ᠭᠤᠷᠪᠠᠨ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠣᠳᠣᠷᠬᠠᠶᠢᠯᠠᠯᠲᠠ ᠬᠢᠪᠠ᠃ ᠲᠡᠷᠡ᠂ ᠪᠦᠬᠦ ᠨᠠᠮ ᠤᠨ | ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠪᠣᠯ ᠨᠠᠮ ᠤᠨ ᠲᠥᠪ ᠬᠤᠷᠢᠶᠠᠨ ᠤ ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ ᠶᠢ | ᠪᠣᠳᠣᠯᠬᠢᠯᠠᠵᠤ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠴᠥᠬᠦᠷᠡᠰᠢ ᠦᠭᠡᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ | ᠪᠣᠯᠭᠠᠬᠤ ᠶᠢ ᠠᠬᠢᠭᠤᠯᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠃ ᠪᠢᠳᠡ ᠲᠣᠰ ᠤᠳᠠᠭᠠᠨ ᠤ ᠰᠤᠷᠤᠯᠴᠠᠯᠭ᠎ᠠ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ | ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ᠃ | ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠵᠠᠰᠠᠭ ᠤᠨ ᠣᠷᠳᠣᠨ ᠤ | ᠠᠯᠪᠠᠨ ᠭᠡᠷ᠂ ᠬᠥᠭᠵᠢᠯᠲᠡ ᠶᠢᠨ ᠰᠤᠳᠤᠯᠭᠠᠨ ᠤ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠴᠢ ᠲᠠᠢ | ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ | ᠤ ᠨᠠᠮ ᠤᠨ ᠡᠭᠦᠷ ᠤᠨ ᠱᠦᠵᠢ᠂ ᠬᠢᠨᠠᠨ ᠪᠤᠳᠤᠬᠤ ᠲᠣᠪᠴᠢᠶ᠎ᠠ ᠶᠢᠨ ᠪᠠᠭ ᠤᠨ ᠪᠦᠷᠢᠯᠳᠦᠬᠦᠨ᠂ ᠰᠢ ᠰᠧᠨ | ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠪᠦᠷᠢᠯᠳᠦᠬᠦᠨ ᠨᠠᠮ ᠤᠨ | ᠬᠢᠴᠢᠶᠡᠯ ᠢ ᠰᠣᠨᠣᠰᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |