6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠳᠤᠮᠳᠠᠳᠤ ᠤᠯᠤᠰ ᠤᠨ ᠨᠡᠭᠦᠷᠡᠰᠦᠨ ᠤ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢ ᠯᠢ ᠵᠢᠶᠠᠨ ᠶᠠᠩ ᠨᠠᠷ ᠲᠠᠢ | ᠬᠡᠯᠡᠯᠴᠡᠭᠡ ᠬᠢᠵᠦ᠂ ᠬᠤᠶᠠᠷ ᠲᠠᠯ᠎ᠠ ᠪᠠᠷ ᠢᠶᠠᠨ 10 ᠲᠦᠮᠡᠨ ᠲᠣᠨ ᠤ ᠲᠠᠰ ᠤᠨ ᠰᠠᠯᠬᠢ ᠭᠡᠷᠡᠯ ᠤᠰᠤᠲᠥ᠋ᠷᠥᠭᠴᠢ | ᠦᠢᠯᠡᠳᠬᠦ ᠶᠢ ᠨᠢᠭᠡ ᠴᠤᠭᠴᠠᠵᠢᠭᠤᠯᠬᠤ ︵ᠪᠣᠬᠢᠷᠲᠤᠯ ᠦᠭᠡᠢ ᠮᠧᠲ᠋ᠢᠯ ᠠᠯᠺᠣᠣᠯ ᠪᠠᠭᠲᠠᠨ᠎ᠠ︶ ᠶᠢᠨ ᠲᠥᠷᠥᠯ ᠵᠦᠢᠯ | ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ | ᠯᠢ ᠵᠢᠶᠠᠨ ᠶᠠᠩ ᠳᠤᠮᠳᠠᠳᠤ ᠤᠯᠤᠰ ᠤᠨ ᠨᠡᠭᠦᠷᠡᠰᠦᠨ ᠤ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢᠨ ᠲᠥᠰᠦᠯ᠂ ᠮᠡᠷᠭᠡᠵᠢᠯ ᠤᠨ ᠳᠠᠪᠠᠭᠤᠯᠢᠭ | ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃ ᠲᠡᠷᠡ᠂ ᠠᠵᠤ | ᠠᠬᠤᠶᠢᠯᠠᠯ ᠤᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠱᠠᠩᠳᠤ ᠰᠢᠶᠠᠨ ᠲᠠᠢ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠲᠦᠷᠦᠯ ᠵᠦᠢᠯ ᠢ ᠡᠷᠲᠡᠬᠡᠨ ᠪᠦᠲᠦᠭᠡᠨ ᠪᠠᠶᠢᠭᠤᠯᠬᠤ ᠨᠥᠬᠦᠴᠡᠯ ᠢ | ᠪᠦᠷᠢᠯᠳᠦᠭᠦᠯᠬᠦ ᠪᠠᠷ ᠴᠢᠷᠮᠠᠶᠢᠵᠤ᠂ ᠱᠠᠩᠳᠤ ᠰᠢᠶᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ᠃ | ᠴᠢᠦ ᠵᠢᠶᠦ᠋ᠨ ᠵᠢᠶᠧ ᠯᠢ ᠵᠢᠶᠠᠨ ᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠪᠡ᠃ ᠲᠡᠷᠡ᠂ ᠱᠠᠩᠳᠤ ᠰᠢᠶᠠᠨ ᠲᠣᠭᠤᠷᠢᠭ ᠤᠨ ᠪᠠᠶᠢᠷᠢᠰᠢᠯ ᠳᠠᠪᠠᠭᠤᠯᠢᠭ᠂ ᠡᠯᠪᠡᠭ ᠪᠠᠶᠠᠯᠢᠭ ᠥᠩᠭᠡ | ᠦᠵᠡᠮᠵᠢ ᠶᠢᠨ ᠡᠬᠢ ᠪᠠᠶᠠᠯᠢᠭ ᠵᠢᠴᠢ ᠠᠵᠤ ᠦᠢᠯᠡᠰ ᠤᠨ ᠰᠠᠭᠤᠷᠢ ᠲᠠᠢ ᠶᠤᠮ᠂ ᠡᠨᠡ ᠤᠳᠠᠭᠠᠨ ᠤ | ᠬᠠᠮᠲᠤᠷᠠᠯᠴᠠᠭ᠎ᠠ ᠪᠠᠷ ᠳᠠᠮᠵᠢᠭᠤᠯᠤᠨ ︽ᠥᠩᠭᠡ ᠦᠵᠡᠮᠵᠢ ᠶᠢᠨ ᠴᠠᠬᠢᠯᠭᠠᠨ ᠭᠠᠷᠭᠠᠬᠤ - ᠨᠣᠭᠤᠭᠠᠨ | ᠤᠰᠤᠲᠥ᠋ᠷᠥᠭᠴᠢ ᠶᠢ ᠦᠢᠯᠡᠳᠪᠦᠷᠢᠯᠡᠬᠦ - ᠪᠣᠬᠢᠷᠲᠤᠯ ᠥᠬᠡᠶ ᠮᠧᠲ᠋ᠢᠯ ᠠᠯᠺᠣᠣᠯ ᠢ ᠦᠢᠯᠡᠳᠬᠦ - ᠠᠮᠢ ᠠᠬᠤᠶ ᠶᠢ | ᠵᠠᠰᠠᠬᠤ︾ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠶᠢ ᠬᠦᠰᠡᠵᠦ ᠪᠠᠶᠢᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠦᠢᠯᠡᠴᠢᠯᠡᠵᠦ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠵᠤ᠂ ᠰᠢᠶᠠᠨ ᠤ ᠬᠡᠪᠴᠢᠶᠡᠨ ᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠬᠦ ᠪᠣᠬᠢᠷᠲᠤᠯ ᠥᠬᠡᠶ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠵᠠᠩ ᠭᠤᠸᠠᠩ ᠢ ᠠᠭᠤᠯᠵᠠᠯᠲᠠᠨ ᠳᠤ ᠣᠷᠣᠯᠴᠠᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |