6 ᠰᠠᠷ᠎ᠠ ᠶᠢᠨ 18 ᠤ ᠡᠳᠦᠷ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠱᠢ ᠼᠦᠢ ᠴᠢᠨ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠵᠠᠩ ᠰᠢᠶᠤᠤ ᠯᠢᠩ᠂ ᠯᠠᠨ ᠷᠦᠢ ᠰᠢᠨ᠂ ᠶᠧ ᠱᠢ ᠬᠠᠢ | ᠂ ᠼᠤᠤ ᠵᠢᠶᠦ᠋ᠨ ᠪᠣᠯᠤᠨ ᠭᠡᠰᠢᠭᠦᠳ ᠬᠤᠷᠠᠯ ᠳᠤ ᠣᠷᠣᠯᠴᠠᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠰᠢᠶᠠᠨ ᠤ ᠳᠠᠷᠤᠭ᠎ᠠ ᠵᠠᠩ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠨᠡᠷ᠎ᠡ | ᠳᠤᠷᠠᠳᠤᠭᠰᠠᠨ ᠵᠢᠱᠢᠭᠳᠡᠭᠴᠢ ᠮᠠ ᠸᠧᠨ ᠢᠦᠶ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ | ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ᠂ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ | ᠂ ᠬᠡᠰᠡᠭ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠤᠨ | ᠬᠤᠲᠠ᠂ ᠰᠢᠶᠠᠨ ᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠯᠪᠠᠨ ᠭᠡᠷ ᠤᠨ ᠬᠡᠰᠡᠭ ᠠᠵᠢᠯᠲᠠᠨ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠰᠢᠭᠦᠬᠦ ᠬᠤᠷᠢᠶᠠᠨ ᠤ ᠳᠡᠪᠰᠢᠭᠦᠯᠦᠭᠰᠡᠨ ᠠᠵᠢᠯᠲᠠᠨ ᠤ | ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠥᠪᠯᠡᠯᠭᠡ ᠶᠢ ᠪᠠᠲᠤᠯᠠᠵᠤ᠂ ᠲᠤᠰᠢᠶᠠᠯ ᠳᠤ | ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃ ᠮᠠ ᠸᠧᠨ ᠢᠦᠢ᠂ ᠯᠢ ᠰᠢᠶᠤᠤ | ᠹᠠᠩ ᠨᠠᠷ ᠲᠡᠰ ᠳᠠᠷᠠᠭᠠᠯᠠᠨ ᠲᠤᠰᠢᠶᠠᠯ ᠳᠤ ᠭᠠᠷᠬᠤ ᠶᠠᠷᠢᠶ᠎ᠠ ᠲᠠᠯᠪᠢᠭᠰᠠᠨ ᠪᠥᠭᠡᠳ ᠦᠨᠳᠦᠰᠦᠨ ᠬᠠᠤᠯᠢ ᠳᠤ | ᠲᠠᠩᠭᠠᠷᠢᠭᠯᠠᠪᠠ᠃ | ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠥᠷᠢ ᠥᠭᠴᠡᠭᠡᠨ ᠤ ᠬᠠᠮᠢᠶᠠᠷᠤᠯᠲᠠ ᠶᠢᠨ | ᠪᠠᠶᠢᠳᠠᠯ ᠤᠨ ᠲᠤᠬᠠᠢ ᠮᠡᠳᠡᠭᠦᠯᠦᠯᠲᠡ︾᠂ ︽ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ︾᠂ ︽ᠱᠠᠩᠳᠤ ᠰᠢᠶᠠᠨ ᠪᠣᠯᠤᠨ ᠵᠢᠨᠢᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠬᠠᠮᠲᠤᠷᠠᠨ | ᠰᠤᠷᠭᠠᠭᠤᠯᠢ ᠡᠷᠬᠢᠯᠡᠬᠦ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ᠢ ᠰᠣᠨᠣᠰᠴᠤ ᠬᠢᠨᠠᠨ ᠵᠥᠪᠯᠡᠪᠡ︔ | ᠬᠤᠷᠠᠯ ᠠᠴᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ︽ᠪᠦᠬᠦ ᠰᠢᠶᠠᠨ ᠤ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠦᠭᠰᠡᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠪᠡ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠯᠪᠠᠨ ᠶᠠᠪᠤᠳᠠᠯ ᠢ ᠲᠥᠪ ᠭᠤᠣᠯᠴᠢ ᠪᠠᠷ | ᠭᠦᠢᠴᠡᠳᠬᠡᠬᠦ ᠶᠢ ᠨᠥᠯᠥᠭᠡᠯᠡᠵᠦ ᠮᠡᠳᠡᠬᠦ ᠳᠠᠶᠢᠯᠠᠯᠭ᠎ᠠ᠂ ᠠᠯᠪᠠᠨ ᠤ ᠵᠣᠭᠤᠰ ᠢᠶᠠᠷ ᠢᠳᠡᠵᠦ ᠤᠤᠭᠤᠬᠤ᠂ | ᠲᠣᠭᠲᠠᠭᠠᠯ ᠠᠴᠠ ᠵᠥᠷᠢᠴᠡᠨ ᠬᠠᠮᠲᠤ ᠬᠤᠭᠤᠯᠠᠯᠠᠬᠤ ᠶᠢ ᠵᠣᠬᠢᠶᠠᠨ ᠪᠠᠶᠢᠭᠤᠯᠬᠤ ᠵᠡᠷᠭᠡ ᠠᠵᠢᠯᠯᠠᠭ᠎ᠠ ᠶᠢ ᠴᠢᠩᠭ᠎ᠠ | ᠴᠠᠭᠠᠵᠠᠯᠠᠵᠤ᠂ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠭᠤᠣᠯᠴᠢ ᠠᠷᠢᠭᠤᠨ | ᠴᠢᠬᠡᠴᠢ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |