ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — | ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ ᠣᠷᠳᠣᠨ ᠳᠤ ᠶᠠᠪᠤᠭᠳᠠᠪᠠ᠃ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ | ᠮᠢᠷᠵᠢᠶᠤᠤᠶᠧᠹ ᠣᠷᠣᠯᠴᠠᠪᠠ᠃ ᠤᠯᠤᠰ ᠤᠨ ᠲᠡᠷᠢᠭᠦᠨ ᠨᠠᠷ ᠨᠥᠭᠦᠷᠰᠡᠭ ᠠᠭᠤᠷ ᠠᠮᠢᠰᠬᠤᠯ ᠤᠨ ᠳᠤᠮᠳᠠ ᠰᠢ ᠠᠨ ᠤ | ᠲᠦᠷᠦᠭᠦᠴᠦᠳ ᠤᠨ ᠬᠤᠷᠠᠯ ᠠᠴᠠ ᠨᠠᠭᠠᠰᠢᠬᠢ ᠳᠤᠮᠳᠠᠳᠤ ᠤᠯᠤᠰ — ᠳᠤᠮᠳᠠ ᠠᠽᠢᠶ᠎ᠠ ᠶᠢᠨ ᠡᠯ᠎ᠡ ᠬᠦᠷᠢᠶᠡᠨ ᠤ | ᠬᠠᠮᠲᠤᠷᠠᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠡᠷᠭᠢᠴᠡᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠪᠠᠷᠠᠯᠠᠨ | ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠥᠨᠢᠳᠡ ᠶᠢᠨ ᠡᠶᠡᠯᠳᠡᠭ | ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠷᠢᠮᠲᠠᠯᠠᠨ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢ | ᠭᠠᠷ ᠬᠤᠯᠪᠣᠯᠴᠠᠨ ᠠᠬᠢᠭᠤᠯᠬᠤ ᠪᠠᠷ ᠰᠠᠨᠠᠯ ᠨᠢᠭᠡᠲᠡᠢ ᠲᠣᠭᠲᠠᠪᠠ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ | ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ | ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ | ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠵᠠᠢ᠃ ᠵᠢᠷᠤᠭ ᠪᠣᠯ ᠰᠢ ᠶᠢᠨ ᠫᠢᠩ ︽︿ᠳᠤᠮᠳᠠᠳᠤ ᠤᠯᠤᠰ | — ᠳᠤᠮᠳᠠ ᠠᠽᠢᠶ᠎ᠠ ᠶᠢᠨ ᠵᠣᠷᠢᠭ ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠂ ᠳᠠᠷᠠᠭ᠎ᠠ ᠨᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ︽︿ᠳᠤᠮᠳᠠᠳᠤ ᠤᠯᠤᠰ — ᠳᠤᠮᠳᠠ ᠠᠽᠢᠶ᠎ᠠ ᠶᠢᠨ | ᠵᠣᠷᠢᠭ ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ | ︾ ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠪᠡ᠃ | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ | ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ | ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ | ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠪᠠ᠃ ᠵᠢᠷᠤᠭ ᠪᠣᠯ ᠰᠢ ᠶᠢᠨ ᠫᠢᠩ ᠳᠤᠮᠳᠠ ᠠᠽᠢᠶ᠎ᠠ ᠶᠢᠨ | ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ | ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ | ᠵᠢᠷᠤᠭᠯᠠᠪᠠ᠃ ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠢᠳᠡᠪᠬᠢᠲᠡᠢ ᠠᠬᠢᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ | ᠨᠢᠷᠤᠭᠤ ᠲᠤᠯᠭᠠᠭᠤᠷᠢ ᠦᠨᠳᠦᠰᠦᠨ ᠳᠡᠭᠡᠨ ᠪᠦᠷᠢᠯᠳᠦᠵᠦ᠂ ᠬᠠᠮᠲᠤᠷᠠᠯᠴᠠᠭᠠᠨ ᠤ ᠵᠠᠮ ᠶᠠᠪᠤᠬᠤ ᠲᠤᠲᠤᠮ ᠥᠷᠭᠡᠵᠢᠵᠦ᠂ | ᠨᠥᠬᠦᠷᠯᠡᠯ ᠤᠨ ᠴᠡᠴᠡᠭ ᠶᠠᠪᠤᠬᠤ ᠲᠤᠲᠤᠮ ᠭᠢᠯᠠᠯᠵᠠᠨ ᠳᠡᠯᠭᠡᠷᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ | ᠦᠨᠳᠦᠰᠦᠯᠡᠵᠦ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ | ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ | ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ | ᠠᠰᠢᠭ ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ | ᠠᠬᠢᠭᠤᠯᠬᠤ︾ ᠪᠦᠬᠦᠢ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ | ᠪᠦᠷᠢᠯᠳᠦᠭᠦᠯᠪᠡ᠄ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ | ᠭᠡᠵᠦ ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ | ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠬᠲᠠᠭᠠᠪᠠ︔ ᠢᠲᠡᠭᠡᠯᠴᠡᠭᠡ ᠪᠠᠨ | ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ | ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ | ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ | ᠦᠯᠤ ᠭᠢᠪᠠ︔ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ | ᠬᠠᠷᠢᠯᠴᠠᠨ ᠤᠷᠢᠳ ᠢᠶᠠᠷ ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ | ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ | ᠪᠡᠶᠡᠯᠡᠭᠦᠯᠪᠡ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ | ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠳᠡᠮᠵᠢᠵᠦ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠬᠦᠴᠦ ᠪᠠᠨ ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ | ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ | ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ | ᠳᠡᠯᠭᠡᠷᠡᠭᠦᠯᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ | ᠬᠤᠪᠢᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ | ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ | ᠭᠡᠵᠦ ᠪᠠᠶᠢᠬᠤ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ | ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃ ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ | ᠭᠡᠷᠡᠭᠲᠡᠢ︔ ᠳᠡᠯᠡᠭᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠤᠭᠢᠨ᠎ᠠ︔ ᠬᠥᠮᠥᠨ ᠲᠥᠷᠥᠯᠬᠢᠲᠡᠨ ᠪᠠᠯᠠᠷ | ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠪᠠᠯ ᠵᠣᠬᠢᠨ᠎ᠠ᠃ ᠪᠢᠳᠠ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ | ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ | ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃ | ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ | ᠰᠠᠬᠢᠶ᠎ᠠ᠃ ᠳᠤᠮᠳᠠᠳᠤ ᠤᠯᠤᠰ ᠢᠮᠠᠭᠲᠠ ᠳᠤᠮᠳᠠ ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ | ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠵᠡᠷᠭᠡᠯᠡᠳᠡᠭᠡ ᠪᠠᠨ | ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ | ᠠᠽᠢᠶ᠎ᠠ ᠶᠢᠨ ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ | ᠨᠥᠭᠦᠷᠰᠡᠭ ᠪᠠᠶᠢᠵᠤ᠂ ᠬᠥᠷᠰᠢ ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ | ᠃ ᠵᠢᠷᠭᠤᠭᠠᠨ ᠤᠯᠤᠰ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ | ᠬᠠᠮᠲᠤ ᠪᠠᠷ ᠭᠠᠷ ᠤᠨ ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ | ᠭᠡᠯᠪᠡᠷᠢ ᠪᠠᠷ ᠲᠣᠭᠲᠠᠪᠤᠷᠢᠵᠢᠭᠤᠯᠪᠠ᠂ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ | ᠲᠡᠮᠳᠡᠭ ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ ᠮᠥᠨ | ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ | ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ | ᠲᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠣᠨ︾ ᠪᠤᠯᠭᠠᠬᠤ ᠪᠠᠷ | ᠵᠥᠪᠳᠡᠯᠴᠡᠨ ᠲᠣᠭᠲᠠᠪᠠ᠂ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ᠂ ᠬᠥᠮᠥᠰ ᠤᠨ ᠶᠠᠪᠤᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ | ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃ ᠳᠤᠮᠳᠠᠳᠤ | ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠴᠥᠭᠡᠳᠬᠡᠬᠦ᠂ ᠰᠤᠷᠭᠠᠨ ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ | ᠪᠠᠶᠢᠭᠤᠯᠬᠤ ᠪᠠᠷ ᠲᠣᠭᠲᠠᠵᠤ᠂ ᠳᠤᠮᠳᠠ ᠠᠽᠢᠶ᠎ᠠ ᠶᠢᠨ ᠤᠯᠤᠰ ᠤᠳ ᠤᠨ ᠠᠷᠠᠳ ᠤᠨ ᠠᠮᠢᠳᠤᠷᠠᠯ ᠪᠠ ᠬᠥᠭᠵᠢᠯᠲᠡ ᠶᠢᠨ | ᠲᠦᠷᠦᠯ ᠵᠦᠢᠯ ᠢ ᠬᠡᠷᠡᠭᠵᠢᠭᠦᠯᠬᠦ ᠶᠢ ᠲᠠᠮᠵᠢᠵᠤ᠂ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 | ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃ | ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ | ᠲᠦᠪᠰᠢᠨ ᠤ ᠪᠠᠶᠢᠷᠢᠰᠢᠯ ᠢ ᠪᠤᠢ ᠪᠣᠯᠭᠠᠶ᠎ᠠ᠃ ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ | ᠰᠠᠨᠠᠭ᠎ᠠ ᠶᠢ ᠭᠠᠷ ᠬᠤᠯᠪᠣᠯᠴᠠᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ | ᠥᠭᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠠᠴᠠ | ᠳᠤᠮᠳᠠ ᠠᠽᠢᠶ᠎ᠠ ᠶᠢᠨ ᠤᠯᠤᠰ ᠤᠳ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ | ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ ᠲᠦᠪᠰᠢᠨ ᠢ | ᠬᠠᠮᠠᠭᠠᠯᠠᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ | ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ | ᠰᠣᠶᠣᠯ ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ | ᠤᠯᠤᠰ ᠤᠳ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ᠂ ᠵᠠᠯᠠᠭᠤᠴᠤᠳ᠂ | ᠵᠠᠭᠤᠴᠢᠯᠠᠭᠤᠷ᠂ ᠤᠶᠤᠨ ᠤ ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠦᠨ᠎ᠡ᠃ ᠳᠤᠷᠠᠲᠠᠶ᠎ᠠ ᠳᠤᠮᠳᠠ ᠠᠽᠢᠶ᠎ᠠ ᠳᠤ ᠨᠡᠩ | ᠤᠯᠠᠨ ᠰᠣᠶᠣᠯ ᠤᠨ ᠲᠥᠪ᠂ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠦᠢᠯᠡᠳᠬᠡᠯ ᠤᠨ | ᠭᠠᠵᠠᠷ ᠢ ᠪᠠᠶᠢᠭᠤᠯᠵᠤ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ | ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ | ᠲᠥᠪ ᠠᠴᠠ ᠣᠷᠣᠨ ᠨᠤᠲᠤᠭ ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ | ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ ᠪᠦᠰᠡ ᠭᠦᠷᠲᠡᠯ᠎ᠡ ︽ᠰᠡᠳᠬᠢᠯ ᠢᠶᠠᠨ ᠬᠤᠯᠪᠣᠬᠤ︾ ᠪᠠᠶᠢᠷᠢᠰᠢᠯ ᠢ | ᠬᠠᠮᠲᠤ ᠪᠠᠷ ᠪᠠᠶᠢᠭᠤᠯᠤᠨ᠎ᠠ᠃ | ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ | ᠳᠢᠭᠯᠢᠮ ᠢ ᠬᠠᠮᠠᠭᠠᠯᠠᠶ᠎ᠠ᠃ ᠪᠢᠳᠠ ᠭᠠᠷ ᠬᠤᠯᠪᠣᠯᠴᠠᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ | ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠢᠳᠡᠪᠬᠢᠲᠡᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ | ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ ᠲᠠᠶᠢᠨ ᠤ ᠣᠨ | ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ | ᠳᠡᠮᠵᠢᠯᠴᠡᠵᠦ᠂ ᠪᠠᠶᠠᠷ ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ | ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ | ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ | ᠴᠤ᠂ ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠲᠤᠮᠳᠠᠳᠤ | ᠤᠯᠤᠰ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠠᠮᠲᠤ ᠪᠠᠷ ᠴᠢᠷᠮᠠᠶᠢᠵᠤ᠂ ᠨᠡᠩ ᠴᠢᠨᠠᠷ ᠰᠠᠶᠢᠲᠠᠢ | ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ | ᠪᠡᠶᠡᠯᠡᠭᠦᠯᠵᠦ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠠᠮᠵᠢᠯᠲᠠ | ᠣᠯᠬᠤ ᠶᠢ ᠠᠬᠢᠭᠤᠯᠤᠨ᠎ᠠ︕ ᠭᠡᠵᠦ ᠵᠢᠭᠠᠵᠤ ᠭᠠᠷᠭᠠᠪᠠ᠃ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠵᠡᠷᠭᠡ ᠳᠤᠮᠳᠠ ᠠᠽᠢᠶ᠎ᠠ ᠶᠢᠨ ᠲᠠᠪᠤᠨ ᠤᠯᠤᠰ ᠤᠨ | ᠤᠳᠤᠷᠢᠳᠬᠤ ᠬᠥᠮᠥᠰ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ | ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠂ ᠳᠤᠮᠳᠠᠳᠤ ᠤᠯᠤᠰ ᠳᠤᠮᠳᠠ | ᠠᠽᠢᠶ᠎ᠠ ᠶᠢᠨ ᠤᠯᠤᠰ ᠤᠳ ᠲᠠᠢ ᠪᠦᠭᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠤᠯᠤᠰ ᠲᠤ ᠬᠤᠪᠣᠷ ᠨᠠᠨᠳᠢᠨ | ᠬᠥᠭᠵᠢᠯᠲᠡ ᠶᠢᠨ ᠠᠵᠠ ᠲᠣᠭᠢᠶᠠᠯ ᠠᠪᠴᠢᠷᠠᠭᠰᠠᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠣᠭᠲᠠᠴᠠ ᠨᠢᠭᠡᠨᠲᠡ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠ | ᠠᠽᠢᠶ᠎ᠠ ᠶᠢᠨ ᠡᠯ᠎ᠡ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ | ᠪᠠᠶᠢᠨ᠎ᠠ᠃ ᠲᠣᠬᠲᠠᠭᠠᠯᠲᠦ ᠪᠤᠰᠤ ᠵᠦᠢᠯ ᠢᠶᠠᠷ ᠲᠦᠭᠦᠷᠡᠭᠰᠡᠨ ᠳᠡᠯᠡᠬᠡᠢ ᠶᠢᠷᠲᠢᠨᠴᠦ ᠳᠤ᠂ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠣᠭᠲᠠᠴᠠ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠡᠩ ᠲᠣᠪᠤᠶᠢᠮ᠎ᠠ ᠪᠣᠯᠵᠤ᠂ ᠳᠤᠮᠳᠠᠳᠤ | ᠤᠯᠤᠰ ᠤᠨ ᠴᠡᠴᠡᠭᠯᠡᠯ ᠬᠥᠭᠵᠢᠯ ᠬᠦᠴᠦᠷᠬᠡᠭ ᠶᠡᠭᠡ ᠨᠢ ᠶᠠᠭ ᠡᠷᠭᠢᠨ ᠲᠣᠭᠤᠷᠢᠨ ᠤ ᠤᠯᠤᠰ ᠤᠳ ᠲᠤ ᠠᠰᠢᠭ ᠬᠦᠷᠲᠡᠭᠡᠵᠦ | ᠪᠠᠶᠢᠨ᠎ᠠ᠃ ᠳᠤᠮᠳᠠᠳᠤ ᠤᠯᠤᠰ ᠪᠣᠯ ᠳᠤᠮᠳᠠ ᠠᠽᠢᠶ᠎ᠠ ᠶᠢᠨ ᠡᠯ᠎ᠡ ᠤᠯᠤᠰ ᠤᠨ ᠥᠨᠢ ᠡᠭᠦᠷᠢᠳᠡ ᠢᠲᠡᠭᠡᠵᠦ ᠪᠤᠯᠬᠤ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠵᠢᠩᠬᠢᠨᠢ ᠨᠠᠶᠢᠵᠠ ᠮᠥᠨ᠃ ᠳᠤᠮᠳᠠ ᠠᠽᠢᠶ᠎ᠠ ᠶᠢᠨ ᠡᠯ᠎ᠡ ᠤᠯᠤᠰ ᠳᠤᠮᠳᠠᠳᠤ | ᠤᠯᠤᠰ ᠯᠤᠭ᠎ᠠ ᠶᠢᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠵᠠᠭᠪᠤᠷ ᠢ | ᠳᠡᠭᠡᠳᠦ ᠬᠡᠮᠵᠢᠶ᠎ᠡ ᠪᠠᠷ ᠨᠠᠨᠳᠢᠩᠨᠠᠵᠤ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ | ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠠᠬᠢᠭᠤᠯᠵᠤ᠂ ᠣᠷᠣᠨ ᠪᠦᠰᠡ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ | ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ ᠣᠷᠣᠨ ᠪᠦᠰᠡ ᠶᠢᠨ ᠬᠠᠮᠲᠤᠷᠠᠯᠴᠠᠭᠠᠨ ᠤ | ᠦᠯᠢᠭᠡᠷ ᠳᠠᠭᠤᠷᠢᠶᠠᠯ ᠪᠣᠯᠭᠠᠨ ᠴᠣᠭᠴᠠᠯᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠵᠦ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠠᠬᠢᠭᠤᠯᠵᠤ᠂ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠬᠦᠰᠡᠵᠦ ᠪᠠᠶᠢᠨ᠎ᠠ᠃ ᠡᠯ᠎ᠡ ᠲᠠᠯ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ | ᠳᠤᠮᠳᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ | ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠴᠢᠯᠦᠭᠡᠲᠦ ᠠᠷᠠᠯᠵᠢᠶ᠎ᠠ ᠪᠣᠯᠣᠨ | ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠲᠤ ᠪᠠᠷ ᠬᠠᠮᠠᠭᠠᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ | ᠤᠯᠤᠰ ᠤᠨ ᠲᠡᠷᠢᠭᠦᠨ ᠲᠠᠢ ︽ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠤᠨ ᠠᠰᠲ᠋ᠠᠨᠠ ᠶᠢᠨ ᠲᠤᠩᠬᠠᠭ︾᠂ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ᠂ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ᠂ ᠪᠦᠭᠦᠳᠠ | ᠨᠠᠶᠢᠷᠠᠮᠳᠠᠬᠤ ᠲᠠᠵᠢᠺᠰᠲ᠋ᠠᠨ ᠤᠯᠤᠰ᠂ ᠪᠦᠭᠦᠳᠠ ᠨᠠᠶᠢᠷᠠᠮᠳᠠᠬᠤ ᠲᠦᠷᠺᠮᠧᠨ᠋ᠰᠲ᠋ᠠᠨ᠂ ᠪᠦᠭᠦᠳᠠ ᠨᠠᠶᠢᠷᠠᠮᠳᠠᠬᠤ ᠦᠽᠪᠤᠺᠰᠲ᠋ᠠᠨ | ᠤᠯᠤᠰ ᠯᠤᠭ᠎ᠠ ᠶᠢᠨ ᠡᠭᠦᠷᠢᠳᠡ ᠶᠢᠨ ᠡᠶᠡᠯᠰᠡᠭ ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠭᠠᠷ ᠤᠨ ᠦᠰᠦᠭ ᠵᠢᠷᠤᠪᠠ᠃ | | ᠲᠦᠷᠦᠭᠦᠴᠦᠳ ᠤᠨ ᠬᠤᠷᠠᠯ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ | ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠠᠷᠠᠯᠵᠢᠶ᠎ᠠ ᠶᠢ ᠰᠠᠭᠠᠳ | ᠦᠭᠡᠢ ᠨᠡᠪᠲᠡᠷᠡᠭᠦᠯᠬᠦ᠂ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠳᠪᠦᠷᠢ᠂ ᠪᠣᠭᠤᠮᠲᠠ ᠵᠡᠷᠭᠡ ᠬᠦᠷᠢᠶᠡᠨ ᠤ 12 ᠬᠤᠪᠢ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠠᠢ ᠭᠡᠵᠦ ᠨᠡᠶᠢᠲᠡᠯᠡᠪᠡ᠃ ᠲᠦᠷᠦᠭᠦᠴᠦᠳ ᠤᠨ | ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠲᠠᠪᠤᠨ ᠤᠯᠤᠰ ᠲᠠᠢ ᠤᠯᠠᠨ ᠨᠥᠭᠦᠷᠰᠡᠭ | ᠬᠤᠳᠠ ᠶᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠨᠥᠭᠦᠷᠰᠡᠭ ᠬᠤᠳᠠ ᠶᠢᠨ ᠲᠤᠭ᠎ᠠ 100 ᠬᠤᠣᠰ ᠢ ᠳᠠᠪᠠᠪᠠ᠃ | | ᠰᠢ ᠶᠢᠨ ᠫᠢᠩ ᠪᠠᠰᠠ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠪᠠᠷ ᠳᠤᠮᠳᠠᠳᠤ | ᠤᠯᠤᠰ — ᠳᠤᠮᠳᠠ ᠠᠽᠢᠶ᠎ᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭᠠᠨ ᠤ ᠲᠥᠪ᠂ | ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ | ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠤᠨ | ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠡᠯ᠎ᠡ ᠲᠠᠯ᠎ᠠ ᠶᠢᠨ ᠬᠢᠨ ᠳᠤᠮᠳᠠᠳᠤ ᠤᠯᠤᠰ 2027 ᠣᠨ ᠳᠤ ᠭᠤᠷᠪᠠᠳᠤᠭᠠᠷ ᠬᠤᠭᠤᠴᠠᠭᠠᠨ ᠤ ᠳᠤᠮᠳᠠᠳᠤ | ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠪᠠᠷ ᠵᠥᠪᠯᠡᠨ ᠲᠣᠭᠲᠠᠪᠠ᠃ | ᠲᠤᠰ ᠣᠷᠣᠢ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠲᠦᠷᠦᠭᠦᠴᠦᠳ ᠤᠨ ᠬᠤᠷᠠᠯ ᠳᠤ | ᠣᠷᠤᠯᠴᠠᠬᠤ ᠤᠯᠤᠰ ᠤᠨ ᠲᠡᠷᠢᠭᠦᠨ ᠢ ᠤᠭᠲᠤᠬᠤ ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |