6 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 12 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ 6 | ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠨᠢᠭᠡᠳᠦᠭᠡᠷ ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠰᠢᠶᠠᠨ ᠤ ᠳᠡᠭᠡᠷ᠎ᠡ | ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠥᠪᠴᠢ ᠪᠠᠨ ᠢᠮᠠᠭᠲᠠ | ᠴᠢᠩᠭᠠᠷᠠᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠳᠤᠮᠳᠠ ᠢᠯᠡᠷᠡᠭᠰᠡᠨ ᠪᠠᠭᠤᠷᠠᠢ ᠭᠤᠭᠴᠤᠭ᠎ᠠ ᠪᠣᠯᠤᠨ ᠲᠤᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠢ | ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |