5 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ ᠲᠢᠶᠠᠨ ᠱᠦᠨ ᠣᠶᠤᠨᠲᠤ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠰᠧ | ᠶᠠᠩ ᠨᠠᠷ ᠲᠠᠢ ᠠᠵᠢᠯ ᠤᠨ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠬᠥᠭᠵᠢᠯᠲᠡ ᠶᠢ ᠠᠬᠢᠭᠤᠯᠬᠤ ᠵᠡᠷᠭᠡ ᠶᠠᠪᠤᠳᠠᠯ ᠤᠨ | ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠴᠢᠦ ᠵᠢᠶᠦ᠋ᠨ ᠵᠢᠶᠧ ᠲᠢᠶᠠᠨ ᠱᠦᠨ ᠣᠶᠤᠨᠴᠢ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠦᠷᠴᠦ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠰᠢᠶᠠᠨ ᠤ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠡᠬᠢ ᠪᠠᠶᠠᠯᠢᠭ ᠤᠨ ᠳᠠᠪᠠᠭᠤᠯᠢᠭ᠂ ᠲᠦᠷᠦ ᠶᠢᠨ ᠪᠤᠳᠤᠯᠭ᠎ᠠ ᠶᠢᠨ | ᠳᠡᠮᠵᠢᠯᠭᠡ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠮᠠᠨ ᠤ ᠰᠢᠶᠠᠨ ᠰᠢᠯᠢᠳᠡᠭ | ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠪᠠᠷ ᠴᠢᠷᠮᠠᠶᠢᠭᠰᠠᠭᠠᠷ ᠢᠷᠡᠵᠡᠢ᠂ ᠲᠤᠰ | ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠲᠠᠮᠵᠢᠨ᠂ ᠬᠤᠶᠠᠷ ᠲᠠᠯ᠎ᠠ ᠪᠠᠷ ᠢᠶᠠᠨ ᠨᠡᠩ ᠤᠯᠠᠨ ᠬᠠᠮᠲᠤ ᠶᠢᠨ | ᠲᠠᠨᠢᠯᠲᠠ ᠲᠠᠢ ᠪᠤᠯᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠪᠠ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠯᠢᠦ ᠰᠧ ᠶᠠᠩ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠭᠤᠣᠯᠯᠠᠭᠴᠢ ᠮᠡᠷᠭᠡᠵᠢᠯ ᠵᠢᠴᠢ | ᠤᠶᠤᠨᠲᠤ ᠡᠨᠧᠷᠭᠢ ᠶᠢᠨ ᠬᠦᠷᠢᠶᠡᠨ ᠳᠠᠬᠢ ᠬᠠᠮᠤᠭ ᠤᠨ ᠰᠢᠨ᠎ᠡ ᠦᠷ᠎ᠡ ᠪᠦᠲᠦᠭᠡᠯ ᠢ ᠨᠠᠷᠢᠨ ᠲᠠᠨᠢᠯᠴᠠᠭᠤᠯᠤᠭᠰᠠᠨ | ᠪᠥᠭᠡᠳ ᠱᠠᠩᠳᠤ ᠰᠢᠶᠠᠨ ᠳᠤ ᠥᠷᠨᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠲᠥᠯᠥᠪᠵᠢᠭᠦᠯᠭᠡ ᠶᠢ ᠲᠣᠳᠣᠷᠬᠠᠶᠢᠯᠠᠨ | ᠥᠭᠦᠯᠡᠵᠦ᠂ ᠱᠠᠩ ᠳᠤ ᠪᠡᠯᠡ ᠣᠷᠣᠭᠤᠯᠤᠨ ᠦᠢᠯᠡᠰ ᠪᠤᠰᠬᠠᠬᠤ ᠪᠠᠲᠤ ᠢᠲᠡᠭᠡᠯ ᠪᠠ ᠰᠠᠶᠢᠨ ᠰᠠᠶᠢᠬᠠᠨ ᠬᠦᠰᠡᠯ | ᠡᠷᠡᠮᠡᠯᠵᠡᠯ ᠢᠶᠠᠨ ᠢᠯᠡᠳᠬᠡᠪᠡ᠃ | ᠲᠣᠰ ᠤᠳᠠᠭᠠᠨ ᠤ ᠬᠤᠷᠠᠯ ᠨᠢ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠬᠦᠷᠢᠶᠡᠨ ᠳᠠᠬᠢ ᠬᠠᠮᠵᠢᠯᠴᠠᠨ ᠬᠥᠭᠵᠢᠬᠦ ᠶᠢ ᠠᠬᠢᠭᠤᠯᠵᠤ | ᠂ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠬᠦ ᠶᠢᠨ ᠲᠥᠯᠥᠭᠡ ᠶᠤᠮ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |