5 ᠰᠠᠷ᠎ᠠ ᠶᠢᠨ 30 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠭᠤᠸᠠᠩ᠂ ᠴᠠᠩ | ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠡᠷᠬᠢᠯᠡᠭᠴᠢ | ᠶᠤᠸᠠᠨ ᠬᠠᠶ ᠬᠤᠩ᠂ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠴᠧᠨ ᠭᠠᠩ ᠵᠢᠴᠢ ᠬᠤᠶᠠᠷ ᠲᠠᠯ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠲᠣᠰ ᠤᠳᠠᠭᠠᠨ ᠤ ᠬᠠᠮᠲᠤᠷᠠᠯᠴᠠᠭ᠎ᠠ ᠪᠣᠯ ᠮᠠᠨ ᠤ ᠰᠢᠶᠠᠨ ᠤ ︽ᠬᠤᠣᠰ ᠨᠡᠭᠦᠷᠡᠰᠦᠲᠥ᠋ᠷᠥᠭᠴᠢ︾ ᠶᠢᠨ | ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠶᠢ ᠠᠬᠢᠭᠤᠯᠬᠤ ᠴᠢᠬᠤᠯᠠ ᠪᠡᠯᠭᠡ ᠲᠡᠮᠳᠡᠭ ᠮᠥᠨ᠃ ᠱᠠᠩᠳᠤ ᠰᠢᠶᠠᠨ ᠥᠪᠡᠷᠮᠢᠴᠡ ᠣᠨᠴᠠᠯᠢᠭ ᠲᠠᠢ | ᠥᠩᠭᠡ ᠦᠵᠡᠮᠵᠢ ᠶᠢᠨ ᠡᠬᠢ ᠪᠠᠶᠠᠯᠢᠭ ᠲᠤ ᠰᠠᠭᠤᠵᠤ᠂ ᠪᠠᠲᠤ ᠪᠠᠬᠢ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠲᠠᠢ ᠶᠤᠮ᠃ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠲᠤᠮᠤ ᠳ᠋ᠠᠶᠢᠲ᠋ᠠ ᠵᠢᠴᠢ ᠠᠵᠤ ᠦᠢᠯᠡᠰ ᠤᠨ | ᠬᠡᠯᠬᠢᠶ᠎ᠡ ᠶᠢᠨ ᠲᠦᠷᠦᠯ ᠵᠦᠢᠯ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ | ᠪᠠᠶᠢᠭᠤᠯᠤᠯᠲᠠ᠂ ᠡᠨᠧᠷᠭᠢ ᠶᠢᠨ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ | ᠡᠨᠧᠷᠭᠢ ᠶᠢᠨ ᠠᠵᠤ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠤ ᠲᠣᠭᠤᠷᠢᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠮᠠᠨ ᠤ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ | ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠠᠷ ᠵᠣᠷᠢᠯᠭ᠎ᠠ ᠪᠠᠨ ᠪᠣᠯᠭᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |