ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/6/4
 5 ᠰᠠᠷ᠎ᠠ ᠶᠢᠨ 30 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠭᠤᠸᠠᠩ᠂ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠡᠷᠬᠢᠯᠡᠭᠴᠢ ᠶᠤᠸᠠᠨ ᠬᠠᠶ ᠬᠤᠩ᠂ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠨ ᠭᠠᠩ ᠵᠢᠴᠢ ᠬᠤᠶᠠᠷ ᠲᠠᠯ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠲᠣᠰ ᠤᠳᠠᠭᠠᠨ ᠤ ᠬᠠᠮᠲᠤᠷᠠᠯᠴᠠᠭ᠎ᠠ ᠪᠣᠯ ᠮᠠᠨ ᠤ ᠰᠢᠶᠠᠨ ᠤ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠪᠡᠯᠭᠡ ᠲᠡᠮᠳᠡᠭ ᠮᠥᠨ᠃ ᠱᠠᠩᠳᠤ ᠰᠢᠶᠠᠨ ᠥᠪᠡᠷᠮᠢᠴᠡ ᠣᠨᠴᠠᠯᠢᠭ ᠲᠠᠢ ᠥᠩᠭᠡ ᠦᠵᠡᠮᠵᠢ ᠶᠢᠨ ᠡᠬᠢ ᠪᠠᠶᠠᠯᠢᠭ ᠲᠤ ᠰᠠᠭᠤᠵᠤ᠂ ᠪᠠᠲᠤ ᠪᠠᠬᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠲᠠᠢ ᠶᠤᠮ᠃ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠲᠤᠮᠤ ᠳ᠋ᠠᠶᠢᠲ᠋ᠠ ᠵᠢᠴᠢ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ ᠡᠨᠧᠷᠭᠢ ᠶᠢᠨ ᠠᠵᠤ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠠᠷ ᠵᠣᠷᠢᠯᠭ᠎ᠠ ᠪᠠᠨ ᠪᠣᠯᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2