ᠶᠠᠩ ᠸᠧᠨ ᠾᠦᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/6/4
  6 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠬᠡᠤᠬᠡᠳ ᠤᠨ ᠴᠡᠴᠡᠷᠯᠢᠭ᠂ ᠱᠢ ᠵᠢᠢ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ᠂ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠶᠠᠩ ᠸᠧᠨ ᠾᠦᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ᠂ ᠰᠢᠯᠭᠠᠭᠤᠯᠤᠭᠴᠢ ᠶᠢᠨ ᠦᠢᠯᠡᠴᠢᠯᠡᠭᠡᠨ ᠤ ᠪᠠᠲᠤᠯᠠᠭ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠥᠬᠡᠶ᠂ ᠬᠠᠷᠢᠭᠤᠴᠠᠯᠭ᠎ᠠ ᠶᠢᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠢᠯᠭᠠᠯᠲᠠ ᠶᠢᠨ ᠪᠡᠯᠡᠳᠬᠡᠯ ᠠᠵᠢᠯ ᠤᠨ ᠡᠯ᠎ᠡ ᠭᠤᠭᠴᠤᠭ᠎ᠠ ᠪᠥᠬᠦ ᠶᠠᠪᠤᠴᠠ ᠳᠤ ᠳᠠᠬᠢᠨ ᠳᠠᠪᠲᠠᠨ ᠪᠠᠶᠢᠴᠠᠭᠠᠯᠲᠠ ᠬᠢᠵᠦ᠂ ᠰᠣᠷᠢᠯᠲᠠ ᠳᠤ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠰᠢᠯᠭᠠᠯᠲᠠ ᠶᠢᠨ ᠲᠠᠯᠠᠪᠠᠶ ᠶᠢᠨ ᠰᠠᠬᠢᠯᠭ᠎ᠠ ᠪᠠᠲᠤ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠮᠤᠷ ᠲᠦᠪᠰᠢᠨ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠢᠮᠠᠭᠲᠠ ᠪᠠᠷᠢᠮᠲᠠᠯᠠᠵᠤ᠂ ︽ᠨᠡᠷᠡᠳᠦ ᠰᠤᠷᠭᠠᠭᠤᠯᠢ︾ ᠪᠣᠯᠤᠨ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠨᠢᠭᠡᠳᠦᠭᠡᠷ ᠬᠡᠦᠬᠡᠳ ᠤᠨ ᠴᠡᠴᠡᠷᠯᠢᠭ ᠪᠣᠯᠤᠨ ᠱᠢ ᠵᠢᠢ ᠪᠠᠭ᠎ᠠ ᠰᠤᠷᠭᠠᠭᠤᠯᠢ ᠳᠤ᠂ ᠶᠠᠩ ᠸᠧᠨ ᠾᠦᠢ ᠰᠤᠷᠭᠠᠭᠤᠯᠢ ᠶᠢᠨ ᠬᠦᠷᠢᠶᠡᠨ ᠤ ᠡᠭᠦᠳᠡᠨ ᠬᠤᠷᠢᠭ᠎ᠠ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠭᠡᠷ ᠤᠨ ᠭᠠᠳᠠᠨᠠᠬᠢ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠭᠠᠭᠤᠯᠢ ᠶᠢᠨ ᠬᠥᠭᠵᠢᠯᠲᠡ ᠶᠢᠨ ᠣᠳᠣᠬᠢ ᠪᠠᠶᠢᠳᠠᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠤᠨ ᠢᠳᠡᠭᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠦᠨᠡᠨ ᠬᠦ ᠪᠠᠬᠢᠵᠢᠭᠦᠯᠵᠦ᠂ ᠰᠤᠷᠤᠭᠴᠢᠳ ᠲᠤ ᠨᠠᠩ ᠡᠷᠡᠭᠦᠯ᠂ ᠲᠠᠭᠠᠯᠠᠮᠵᠢᠲᠠᠶ᠂ ᠠᠮᠤᠷ ᠲᠦᠪᠰᠢᠨ ᠰᠤᠷᠤᠯᠴᠠᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ ᠥᠭᠬᠦ ᠬᠡᠷᠡᠭᠲᠡᠶ ᠭᠡᠵᠦ ᠬᠡᠯᠡᠪᠡ᠃    ᠵᠠᠩ ᠭᠤᠸᠠᠩ᠂ ᠯᠢ ᠰᠢᠶᠤᠤ ᠹᠠᠩ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2