ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/5
 6 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 11 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠬᠤᠶᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠲᠠᠶᠢᠴᠢᠯᠠᠯᠳᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠠᠷᠠᠳ ᠤᠨ ᠠᠮᠢᠳᠤᠷᠠᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠱᠠᠩᠳᠤ ᠰᠢᠶᠠᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠵᠡᠷᠭᠡ ᠶᠢ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠲᠠᠨᠢᠨ ᠣᠨᠣᠪᠴᠢᠲᠠᠢ ᠡᠵᠡᠮᠳᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ ᠂ ᠠᠵᠤ ᠠᠬᠤᠶᠢᠯᠠᠯ ᠢ ᠤᠨᠢᠨ ᠳᠡᠭᠡᠷ᠎ᠡ ᠨᠢ ᠪᠦᠲᠦᠮᠵᠢᠲᠡᠢ ᠬᠠᠪᠰᠤᠷᠤᠨ ᠲᠡᠳᠬᠦᠵᠦ᠂ ᠪᠣᠳᠠᠲᠠᠢ ᠬᠦᠴᠢᠷᠳᠡᠯ ᠢ ᠨᠢ ᠦᠨᠡᠨᠬᠦ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠣᠯᠭᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠴᠢᠨᠠᠷ ᠰᠠᠶᠢᠲᠠᠶ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠶ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠲᠤᠰᠢᠶᠠᠨ ᠰᠢᠢᠳᠪᠦᠷᠢᠯᠡᠭᠦᠯᠬᠦ ᠡᠭᠦᠷᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭ ᠤᠨ ᠠᠰᠠᠭᠤᠳᠠᠯ ᠤᠨ ᠵᠠᠩᠭᠢᠯᠠᠭ᠎ᠠ ᠶᠢ ᠤᠯᠠᠮ ᠨᠢᠭᠡ ᠠᠯᠬᠤᠮ ᠡᠮᠬᠢᠯᠡᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠲᠣᠰ ᠤᠳᠠᠭᠠᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠮᠳᠠᠭᠤᠯᠤᠨ ᠪᠠᠶᠢᠴᠠᠭᠠᠬᠤ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠰᠢᠮᠳᠠᠭᠤᠯᠤᠨ ᠪᠠᠶᠢᠴᠠᠭᠠᠬᠤ ᠶᠠᠪᠤᠴᠠ ᠳᠤ ᠵᠢᠭᠠᠵᠤ ᠭᠠᠷᠭᠠᠭᠰᠠᠨ ᠠᠰᠠᠭᠤᠳᠠᠯ ᠢ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠲᠠᠨᠢᠵᠤ᠂ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠦᠨᠡᠨ ᠬᠦ ᠰᠠᠶᠢᠵᠢᠷᠠᠭᠤᠯᠵᠤ ᠪᠣᠳᠠᠲᠠᠶ ᠪᠠᠷ ᠥᠭᠡᠷᠡᠴᠢᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠳᠥᠯᠭᠢᠨ ᠠᠬᠢᠭᠤᠯᠵᠤ᠂ ᠱᠠᠩᠳᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠢ ᠠᠬᠤᠶ ᠶᠢᠨ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2