6 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠠᠳᠠᠷ | ᠬᠠᠭᠠᠯᠪᠤᠷᠢᠯᠠᠬᠤ ᠠᠩᠭᠢ ᠪᠠᠯᠭᠠᠰᠤ ᠪᠣᠯᠤᠨ ᠶᠡᠭᠡ ᠬᠦᠷᠢᠶ᠎ᠡ ᠰᠢᠶᠠᠩ ᠤᠨ ᠬᠡᠰᠡᠭ ᠲᠣᠰᠬᠤᠨ ᠳᠤ ᠭᠦᠨᠵᠡᠭᠡᠶᠢᠷᠡᠵᠦ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠡᠷᠦᠬᠡ ᠳᠤ ᠬᠦᠷᠴᠦ | ᠰᠤᠷᠪᠤᠯᠵᠢᠯᠠᠬᠤ ᠵᠡᠷᠭᠡ ᠬᠡᠯᠪᠡᠷᠢ ᠪᠠᠷ ᠤᠰᠤ ᠠᠷᠪᠢᠯᠠᠬᠤ ᠤᠰᠤ ᠡᠵᠡᠮᠳᠡᠬᠦ᠂ ᠬᠥᠳᠡᠭᠡ ᠲᠣᠰᠬᠤᠨ ᠤ ᠬᠡᠪᠴᠢᠶᠡᠵᠢᠭᠰᠡᠨ | ᠤᠰᠤ ᠬᠠᠩᠭᠠᠬᠤ᠂ ᠤᠰᠤ ᠤᠮᠳᠠ ᠶᠢᠨ ᠠᠮᠤᠷ ᠲᠦᠪᠰᠢᠨ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ | ᠶᠠᠩ ᠸᠧᠨ ᠾᠦᠢ ᠬᠦᠷᠦᠭᠰᠡᠨ ᠭᠠᠵᠠᠷ ᠪᠣᠯᠭᠠᠨ ᠳᠤ ᠴᠥᠮ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠢᠵᠢᠭ ᠬᠡᠯᠪᠡᠷᠢ ᠶᠢᠨ ᠤᠰᠤ ᠴᠡᠪᠡᠷᠰᠢᠭᠦᠯᠬᠦ ᠦᠷᠳᠡᠭᠡ ᠶᠢᠨ ᠤᠰᠤ ᠬᠠᠩᠭᠠᠬᠤ | ᠴᠢᠳᠠᠪᠤᠷᠢ᠂ ᠤᠰᠤᠨ ᠤ ᠴᠢᠨᠠᠷ ᠤᠨ ᠪᠠᠶᠢᠴᠠᠭᠠᠨ ᠬᠡᠮᠵᠢᠯᠲᠡ᠂ ᠤᠰᠤ ᠬᠠᠩᠭᠠᠬᠤ ᠬᠤᠭᠤᠯᠠᠢ ᠶᠢᠨ ᠲᠣᠣᠷ ᠤᠨ | ᠬᠠᠮᠤᠷᠬᠤ ᠬᠡᠪᠴᠢᠶ᠎ᠡ᠂ ᠤᠰᠤᠨ ᠤ ᠰᠦᠢᠳᠬᠡᠯ ᠬᠤᠷᠢᠶᠠᠬᠤ ᠵᠢᠴᠢ ᠡᠳᠦᠷ ᠲᠤᠳᠤᠮ ᠤᠨ ᠠᠵᠢᠯᠯᠠᠭᠠᠨ ᠤ | ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠬᠥᠳᠡᠭᠡ ᠲᠣᠰᠬᠤᠨ ᠤ | ᠤᠰᠤ ᠬᠠᠩᠭᠠᠬᠤ ᠪᠠᠲᠤᠯᠠᠭ᠎ᠠ ᠭᠡᠬᠦ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ | ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ | ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠠᠶᠢᠷᠢᠰᠢᠭᠤᠯᠤᠯᠲᠠ ᠪᠠᠨ ᠲᠠᠰᠤᠷᠠᠯᠳᠠ ᠦᠭᠡᠢ | ᠰᠢᠯᠢᠳᠡᠭᠵᠢᠭᠦᠯᠵᠦ᠂ ᠪᠦᠲᠦᠴᠡ ᠪᠠᠨ ᠰᠠᠶᠢᠵᠢᠷᠠᠭᠤᠯᠵᠤ᠂ ᠬᠤᠳᠠ ᠬᠥᠳᠡᠭᠡ ᠶᠢᠨ ᠤᠰᠤ ᠬᠠᠩᠭᠠᠬᠤ ᠶᠢ ᠨᠢᠭᠡ | ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠤᠰᠤ | ᠬᠠᠩᠭᠠᠬᠤ ᠪᠠᠲᠤᠯᠠᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ ︽ᠤᠰᠤ | ᠠᠷᠪᠢᠯᠠᠬᠤ ᠠᠵᠢᠯᠯᠠᠭ᠎ᠠ︾ ᠪᠠᠷ ᠭᠠᠷᠳᠠᠴᠠ ᠪᠣᠯᠭᠠᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ | ᠠᠬᠢᠭᠤᠯᠵᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠢ ᠬᠠᠮᠤᠭ ᠤᠨ ᠬᠠᠲᠠᠭᠤ ᠬᠢᠵᠠᠭᠠᠷᠯᠠᠯ ᠪᠣᠯᠭᠠᠵᠤ᠂ ᠤᠰᠤ ᠬᠡᠷᠡᠭᠯᠡᠬᠦ ᠬᠡᠮᠵᠢᠯᠲᠡ ᠶᠢᠨ | ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠦᠨ᠎ᠡ | ᠬᠠᠩᠰᠢ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ | ᠪᠤᠳᠤᠵᠤ ᠰᠠᠶᠢᠲᠤᠷ ᠬᠡᠷᠡᠭᠯᠡᠬᠦ ᠬᠡᠷᠡᠭᠲᠡᠢ᠃ ᠤᠰᠤᠨ ᠤ ᠴᠢᠨᠠᠷ ᠢ ᠬᠢᠨᠠᠨ ᠬᠡᠮᠵᠢᠬᠦ᠂ ᠲᠥᠬᠦᠭᠡᠷᠦᠮᠵᠢ ᠶᠢᠨ | ᠠᠵᠢᠯᠯᠠᠭᠠᠨ ᠢ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠤᠰᠤᠨ ᠤ | ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠰᠤ ᠦᠢᠯᠡᠳᠬᠦ ᠲᠥᠬᠦᠭᠡᠷᠦᠮᠵᠢ᠂ ᠤᠰᠤ | ᠬᠠᠩᠭᠠᠬᠤ ᠬᠤᠭᠤᠯᠠᠢ ᠶᠢᠨ ᠲᠣᠣᠷ ᠤᠨ ᠠᠵᠢᠯᠯᠠᠭᠠᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ | ᠲᠣᠭᠲᠠᠭᠤᠨ ᠢᠶᠠᠷ ᠤᠰᠤ ᠬᠠᠩᠭᠠᠬᠤ᠂ ᠴᠢᠨᠠᠷ ᠰᠠᠶᠢᠲᠠᠢ ᠤᠰᠤ ᠬᠠᠩᠭᠠᠬᠤ ᠶᠢ ᠪᠡᠶᠡᠯᠡᠭᠦᠯᠵᠦ᠂ ᠥᠷᠭᠡᠨ ᠤᠯᠠᠨ | ᠬᠥᠳᠡᠭᠡ ᠲᠣᠰᠬᠤᠨ ᠤ ᠤᠯᠠᠨ ᠲᠦᠮᠡᠨ ᠳᠤ ᠦᠨᠡᠨᠬᠦ ᠡᠷᠡᠭᠦᠯ ᠮᠡᠨᠳᠤ ᠤᠰᠤ ᠤᠤᠭᠤᠯᠭᠠᠬᠤ ᠬᠡᠷᠡᠭᠲᠡᠢ ᠭᠡᠪᠡ᠃ | ᠵᠠᠩ ᠶᠧ ᠢᠦᠢ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |