ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/9
  6 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠢ ᠡᠷᠬᠢᠯᠡᠪᠡ᠃    ᠬᠤᠲᠠ ᠶᠢᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠲᠤᠰᠬᠠᠶ ᠠᠩᠭᠢ ᠶᠢᠨ ᠬᠤᠶᠠᠳᠤᠭᠠᠷ ᠳᠤᠭᠤᠶᠢᠯᠠᠩ ᠤᠨ ᠳᠠᠷᠤᠭ᠎ᠠ ᠯᠢ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ᠂ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠪᠦᠬᠦ ᠰᠢᠶᠠᠨ ᠤ ᠰᠠᠯᠠᠭᠠᠨ ᠲᠡᠰ ᠤᠨ ᠺᠠᠳ᠋ᠷ ᠪᠣᠯᠤᠨ ᠶᠠᠩ ᠸᠧᠨ ᠾᠦᠢ ᠨᠥᠬᠦᠷ ᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠮᠠ ᠸᠧᠨ ᠢᠦᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠨᠢᠭᠡ ᠳᠡᠯᠭᠡᠴᠡ ᠶᠢᠨ ᠵᠠᠪᠰᠠᠷ︾ ᠢ ᠲᠥᠪᠯᠡᠷᠡᠭᠦᠯᠦᠨ ᠦᠵᠡᠪᠡ᠃    ᠶᠠᠩ ᠸᠧᠨ ᠾᠦᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠰᠤᠷᠲᠠᠯ ᠤᠨ ᠪᠠᠶᠢᠭᠤᠯᠤᠯᠲᠠ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠲᠠᠬᠢᠨ ᠡᠷᠭᠢᠴᠡᠭᠦᠯᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠳᠤ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠬᠤᠷᠴᠠ ᠦᠵᠡᠯ ᠰᠠᠨᠠᠭᠠᠨ ᠤ ᠵᠡᠪᠰᠡᠭ ᠬᠠᠩᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠡᠷᠬᠡᠪᠰᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠵᠤ ᠳᠣᠭᠤᠭᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃    ᠶᠠᠩ ᠸᠧᠨ ᠾᠦᠢ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠦᠷᠢᠮ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠬᠡᠪ ᠰᠤᠷᠲᠠᠯ ᠢ ᠵᠡᠷᠭᠡᠪᠡᠷ ᠪᠠᠶᠢᠴᠠᠭᠠᠨ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠰᠢᠯᠢᠳᠡᠭ ᠰᠤᠷᠲᠠᠯ ᠢᠶᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2