ᠶᠠᠩ ᠸᠧᠨ ᠾᠦᠢ ᠰᠢᠶᠤᠤ ᠬᠠᠢ ᠽᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/9
  6 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠤᠷᠢᠳ ᠬᠤᠵᠢᠳ ᠰᠢᠶᠤᠤ ᠬᠠᠢ ᠽᠢ ᠪᠠᠯᠭᠠᠰᠤᠨ ᠤ ᠰᠢᠶᠠᠩ ᠶᠠᠩ ᠲᠣᠰᠬᠤᠨ᠂ ᠭᠦᠸᠧ ᠵᠢᠶᠠ ᠲᠣᠰᠬᠤᠨ᠂ ᠨᠠᠶᠠᠨ ᠲᠠᠪᠤᠳᠤᠭᠠᠷ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠩ ᠸᠧᠨ ᠾᠦᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠬᠦᠳᠦᠯᠦᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠳᠤᠮᠳᠠ ᠪᠠᠨ ᠨᠡᠶᠢᠲᠡᠯᠢᠭ ᠵᠢᠱᠢᠶ᠎ᠡ᠂ ᠬᠢᠯᠠᠰ ᠴᠡᠭ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠵᠤ᠂ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠬᠥᠮᠦᠨ ᠮᠠᠯ ᠢ ᠰᠠᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠢ ᠶᠡᠬᠡᠪᠡᠷ ᠰᠠᠶᠢᠲᠤᠷ ᠠᠳᠬᠤᠵᠤ᠂ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠵᠤ᠂ ᠬᠤᠳᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃    ᠵᠠᠩ ᠶᠧ ᠢᠦᠢ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2